ᠾᠧ ᠬᠠᠢ ᠳ᠋ᠦᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠭᠰᠠᠨ ᠨᠢ  ᠠᠵᠢᠯ ᠢᠶᠠᠨ ᠰᠠᠶᠢᠲᠤᠷ ᠠᠳᠬᠤᠵᠤ  ᠨᠢᠭᠡᠲᠦᠯᠲᠡᠢ ᠲᠦᠯᠦᠪᠵᠢᠭᠦᠯᠦᠨ  ᠪᠣᠳᠠᠲᠠᠢ ᠠᠵᠢᠯ ᠢ ᠰᠠᠶᠢᠲᠤᠷ ᠠᠩᠬᠠᠷᠴᠤ  ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ︽ᠴᠢᠬᠤᠯᠠ ᠡᠭᠦᠷᠭᠡ ᠡᠭᠦᠷᠭᠡᠯᠡᠵᠦ᠂ ᠬᠤᠪᠢ ᠨᠡᠮᠡᠷᠢ ᠦᠵᠡᠭᠦᠯᠬᠦ︾ ᠪᠠᠷ ᠴᠢᠷᠮᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2025/1/16
       ︵ᠰᠤᠷᠪᠤᠯᠵᠢᠯᠠᠭᠴᠢ ᠯᠢᠶᠠᠩ ᠵᠢᠩ ᠱᠥ︶ 1 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃      ᠾᠧ ᠬᠠᠢ ᠳ᠋ᠦᠩ ᠬᠡᠯᠡᠬᠦ ᠳᠡᠭᠡᠨ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠨ᠂ ᠬᠥᠭᠵᠢᠯᠲᠡ ᠶᠢᠨ ᠢᠲᠡᠭᠡᠯ ᠵᠣᠷᠢᠭ ᠢ ᠨᠡᠮᠡᠭᠳᠡᠭᠦᠯᠵᠦ᠂ ᠬᠥᠭᠵᠢᠯᠲᠡ ᠶᠢᠨ ᠢᠷᠡᠭᠡᠳᠦᠢ ᠶᠢ ᠬᠠᠷᠠᠭᠤᠯᠵᠠᠢ᠃ ᠥᠩᠭᠡᠷᠡᠭᠰᠡᠨ ᠨᠢᠭᠡ ᠵᠢᠯ ᠳᠤ᠂ ᠬᠥᠬᠡᠬᠤᠲᠠ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠥᠭᠵᠢᠯᠲᠡ ᠶᠢᠨ ᠰᠡᠳᠬᠢᠴᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠭᠵᠢᠯᠲᠡ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠬᠥᠭᠵᠢᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠪᠦᠬᠦ ᠤᠯᠤᠰ ᠤᠨ ᠮᠤᠵᠢ ᠶᠢᠨ ᠲᠥᠪ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠰᠢᠨ᠎ᠡ ᠰᠢᠪᠲᠤᠯᠤᠯᠲᠠ ᠲᠠᠢ ᠪᠤᠯᠵᠤ᠂ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠨᠢᠭᠡ ᠪᠦᠯᠦᠭ ᠪᠣᠳᠠᠲᠤ ᠶᠠᠪᠤᠳᠠᠯ ᠢ ᠪᠡᠶᠡᠯᠡᠭᠦᠯᠵᠦ᠂ ᠬᠤᠳᠠ ᠶᠢᠨ ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠨ᠂ ᠡᠯ᠎ᠡ ᠵᠦᠢᠯ ᠤᠨ ᠦᠢᠯᠡᠰ ᠰᠢᠨ᠎ᠡ ᠳᠡᠭᠲᠡᠷ ᠲᠤ ᠭᠠᠷᠴᠠᠢ᠃      ᠾᠧ ᠬᠠᠶ ᠳ᠋ᠦᠩ ᠬᠡᠯᠡᠬᠦ ᠳᠡᠭᠡᠨ᠂ ᠡᠨᠡ ᠵᠢᠯ᠂ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠶ ᠪᠠᠷ ᠴᠢᠬᠤᠯᠠ ᠡᠭᠦᠷᠭᠡ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠱᠠᠭᠠᠷᠳᠠᠯᠭ᠎ᠠ ᠶᠣᠰᠣᠭᠠᠷ᠂ ︽ᠵᠢᠷᠭᠤᠭᠠᠨ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ︽ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠬᠦ︾ ᠪᠠ ︽ᠠᠵᠢᠯ ᠣᠯᠭᠤᠯᠲᠠ ᠶᠢ ᠠᠬᠢᠭᠤᠯᠬᠤ︾ ᠶᠢ ᠨᠢᠭᠡᠳᠦᠯᠲᠡᠶ ᠲᠥᠯᠥᠪᠯᠡᠬᠦ᠂ ︽ᠴᠢᠬᠤᠯᠠ ᠶᠡᠭᠡ ᠲᠥᠷᠥᠯ ᠵᠦᠢᠯ︾ ᠪᠠ ︽ᠤᠰᠤ ᠶᠢ ᠠᠷᠪᠢᠯᠠᠨ ᠬᠡᠷᠡᠭᠯᠡᠬᠦ︾ ᠶᠢ ᠨᠢᠭᠡᠳᠦᠯᠲᠡᠶ ᠲᠥᠯᠥᠪᠯᠡᠬᠦ᠂ ︽ᠠᠵᠤ ᠦᠢᠯᠡᠰ ᠤᠨ ᠬᠥᠭᠵᠢᠯᠲᠡ︾ ᠪᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠨᠢᠭᠡᠳᠦᠯᠲᠡᠶ ᠲᠥᠯᠥᠪᠯᠡᠬᠦ᠂ ︽ᠠᠵᠤ ᠦᠢᠯᠡᠰ ᠤᠨ ᠬᠠᠮᠵᠢᠯᠴᠠᠭ᠎ᠠ︾ ᠪᠠ ︽ᠣᠷᠣᠨ ᠪᠦᠰᠡ ᠶᠢᠨ ᠬᠠᠮᠲᠤᠷᠠᠯᠴᠠᠭ᠎ᠠ︾ ᠶᠢ ᠨᠢᠭᠡᠳᠦᠯᠲᠡᠶ ᠲᠥᠯᠥᠪᠯᠡᠬᠦ ᠶᠢ ᠴᠢᠬᠤᠯᠠᠴᠢᠯᠠᠵᠤ᠂        ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ 2025 ᠤᠨ ᠤ ᠡᠯ᠎ᠡ ᠲᠦᠷᠦᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠭᠦᠨ ᠤ ᠬᠠᠮᠲᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠲᠦᠷᠦᠯ ᠲᠡᠮᠳᠡᠭ ᠢ ᠭᠢᠯᠠᠯᠵᠠᠭᠤᠯᠵᠤ᠂ ᠲᠡᠦᠬᠡᠨ ᠦᠯᠡᠳᠡᠭᠳᠡᠯ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠨ᠎ᠠ ᠭᠡᠵᠡᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ