︵ᠰᠤᠷᠪᠤᠯᠵᠢᠯᠠᠭᠴᠢ ᠰᠦᠨ ᠶᠤᠸᠠᠢ ᠯᠦᠩ ︶ 1 ᠳ᠋ᠦ᠋ᠭᠡᠷ ᠰᠠᠷ᠎ᠠ ᠶᠢᠨ 15 ᠤ ᠡᠳᠦᠷ ᠦᠪᠦᠷ ᠮᠤᠩᠭᠤᠯ ᠤᠨ ᠳᠤᠤᠷ᠎ᠠ ᠤᠭᠲᠠᠷᠭᠤᠢ ᠶᠢᠨ ᠠᠵᠤ | ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠤᠮᠫᠠᠨᠢ ᠶᠢᠨ ᠫᠠᠶᠢᠰᠠ ᠰᠡᠬᠦᠬᠦ ᠶᠤᠰᠤᠯᠠᠯ ᠶᠠᠪᠤᠭᠳᠠᠭᠰᠠᠨ ᠨᠢ ᠬᠦᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠤᠭᠤᠷᠢᠭ ︵ᠳᠤᠷᠤᠭᠰᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠭᠡᠵᠦ ᠲᠣᠪᠴᠢᠯᠠᠪᠠ︶ ᠪᠦᠬᠦ ᠬᠤᠳᠠ ᠶᠢᠨ ᠳᠣᠣᠷ᠎ᠠ | ᠤᠭᠲᠠᠷᠭᠤᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ ᠢ | ᠬᠠᠷᠠᠭᠤᠯᠵᠤ ᠪᠠᠶᠢᠨ᠎ᠠ᠃ | ᠥᠪᠥᠷ ᠮᠣᠩᠭᠤᠯ ᠤᠨ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠨᠢ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠤᠭᠤᠷᠢᠭ ᠤᠨ ᠠᠵᠤ ᠠᠬᠤᠶᠢᠯᠠᠯ ᠥᠪᠥᠷ ᠮᠣᠩᠭᠤᠯ ᠤᠨ ᠲᠦᠷᠭᠡᠨ ᠱᠤᠭᠤᠮ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ | ᠺᠣᠮᠫᠠᠨᠢ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠥᠪᠥᠷ ᠮᠣᠩᠭᠤᠯ ᠤᠨ | ᠵᠢᠶᠠᠨ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠬᠥᠬᠡᠬᠤᠲᠠ ᠶᠢᠨ ᠭᠠᠵᠠᠷ ᠳᠣᠣᠷᠠᠬᠢ | ᠲᠡᠮᠦᠷ ᠵᠠᠮ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠬᠠᠮᠲᠤᠪᠠᠷ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠡᠯᠡ ᠮᠥᠩᠭᠦ | ᠭᠠᠷᠭᠠᠵᠤ᠂ 2000 ᠲᠦᠮᠡᠨ ᠲᠥᠭᠦᠷᠢᠭ ᠤᠨ ᠬᠥᠷᠥᠩᠭᠡ ᠳᠠᠩᠰᠠᠯᠠᠭᠤᠯᠵᠤ᠂ ᠭᠤᠣᠯᠳᠠᠭᠤ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠦᠢᠯᠡᠴᠢᠯᠡᠭᠡ᠂ | ᠨᠢᠰᠦᠯᠲᠡ ᠶᠢᠨ ᠪᠣᠯᠪᠠᠰᠤᠷᠠᠯ᠂ ᠠᠷᠠᠳ ᠤᠨ ᠬᠡᠷᠡᠭᠯᠡᠭᠡᠨ ᠤ ᠠᠭᠠᠷ ᠠᠶᠠᠯᠠᠯ ᠤᠨ ᠵᠢᠯᠣᠭᠤᠴᠢ ᠶᠢᠨ ᠪᠣᠯᠪᠠᠰᠤᠷᠠᠯ᠂ ᠲᠣᠮᠣ ᠬᠡᠯᠪᠡᠷᠢ ᠶᠢᠨ ᠠᠭᠠᠷ ᠠᠶᠠᠯᠠᠯ ᠤᠨ | ᠮᠠᠰᠢᠨ ᠤ ᠡᠵᠡᠩᠨᠡᠯᠲᠡ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ | ᠫᠠᠶᠢᠰᠠ ᠰᠡᠬᠦᠵᠦ ᠪᠠᠶᠢᠭᠤᠯᠤᠭᠳᠠᠭᠰᠠᠨ ᠲᠤᠬᠠᠶ ᠶᠢᠨ ᠡᠳᠦᠷ᠂ ᠥᠪᠥᠷ ᠮᠣᠩᠭᠤᠯ ᠤᠨ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠨᠡᠭᠡᠭᠡᠯᠲᠡ ᠶᠢᠨ | ᠬᠢᠵᠠᠭᠠᠷᠲᠤ ᠺᠣᠮᠫᠠᠨᠢ ᠤᠷᠢᠳ ᠬᠤᠵᠢᠳ ᠱᠠᠩᠬᠠᠢ ᠶᠢᠨ ᠸᠧ ᠯᠠᠨ ᠲᠧ ᠠᠭᠠᠷ ᠠᠶᠠᠯᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ eVTOL ᠨᠢᠰᠬᠡᠯ | ᠬᠤᠳᠠᠯᠳᠤᠨ ᠠᠪᠬᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠴᠢᠩ ᠱᠦᠶ ᠾᠧ ᠰᠢᠶᠠᠨ ᠤ ᠯᠣᠣ ᠨᠢᠤ ᠸᠠᠨ ᠨᠢᠰᠬᠡᠯ ᠤᠨ ᠪᠠᠭᠤᠳᠠᠯ ᠲᠠᠢ ᠠᠭᠠᠷ | ᠠᠶᠠᠯᠠᠯ ᠤᠨ ᠱᠤᠭᠤᠮ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠵᠥᠪᠯᠡᠯᠴᠡᠭᠡᠷ ᠲᠣᠭᠲᠠᠵᠤ᠂ ᠭᠤᠸᠠᠩᠳᠦ᠋ᠩ ᠮᠤᠵᠢ ᠶᠢᠨ ᠨᠡᠶᠢᠳᠡᠮ ᠬᠡᠷᠡᠭᠯᠡᠭᠡᠨ ᠤ ᠠᠭᠠᠷ | ᠠᠶᠠᠯᠠᠯ ᠤᠨ ᠨᠡᠶᠢᠭᠡᠮᠯᠢᠭ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ | ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠬᠦ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠪᠦᠬᠦ ᠬᠤᠲᠠ ᠶᠢᠨ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ | ᠢᠳᠡᠪᠬᠢᠲᠡᠢ ᠠᠭᠤᠰᠤᠯᠴᠠᠵᠤ᠂ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠠᠵᠠ ᠲᠣᠬᠢᠶᠠᠯ ᠢ ᠴᠢᠩᠭ᠎ᠠ ᠠᠳᠬᠤᠵᠤ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠨᠡᠭᠦᠯᠭᠡᠭᠰᠡᠨ ᠤ ᠳᠠᠷᠠᠭ᠎ᠠ ᠬᠠᠭᠤᠴᠢᠨ ᠨᠢᠰᠬᠡᠯ ᠤᠨ ᠪᠠᠭᠤᠳᠠᠯ ᠤᠨ | ᠠᠭᠠᠷ ᠤᠨ ᠣᠷᠣᠨ ᠤ ᠬᠠᠮᠢᠶᠠᠷᠤᠯᠲᠠ ᠪᠠ ᠰᠠᠭᠤᠷᠢ ᠲᠥᠬᠦᠭᠡᠷᠦᠮᠵᠢ ᠶᠢᠨ ᠵᠥᠭᠡᠯᠡᠨ ᠬᠠᠲᠠᠭᠤ ᠲᠣᠨᠤᠭ ᠤᠨ ᠳᠠᠪᠠᠭᠤᠯᠢᠭ᠂ ᠶᠡᠷᠦᠩᠬᠡᠢ ᠬᠡᠯᠲᠡᠰ ᠤᠨ ᠰᠠᠭᠤᠷᠢᠨ | ᠭᠠᠵᠠᠷ ᠤᠨ ᠣᠷᠣᠨ ᠪᠠᠶᠢᠷᠢ ᠶᠢᠨ ᠳᠠᠪᠠᠭᠤᠯᠢᠭ᠂ ᠤᠯᠤᠰ ᠤᠨ ᠲᠠᠰ ᠤᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ ᠤᠨ | ᠴᠢᠳᠠᠪᠤᠷᠢᠲᠠᠨ ᠤ ᠳᠠᠪᠠᠭᠤᠯᠢᠭ᠂ ᠰᠠᠭᠠᠯᠢᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠷᠢᠭᠦᠨ ᠤ ᠦᠢᠯᠡᠳᠬᠦ ᠦᠢᠯᠡᠰ ᠤᠨ ᠬᠥᠭᠵᠢᠯᠲᠡ ᠶᠢᠨ | ᠳᠠᠪᠠᠭᠤᠯᠢᠭ ᠲᠤ ᠲᠦᠰᠢᠭᠯᠡᠨ᠂ ᠲᠤᠤᠷ᠎ᠠ ᠤᠷᠤᠰᠬᠠᠯ ᠤᠨ ᠬᠡᠷᠡᠭᠯᠡᠭᠡᠨ ᠤ ᠠᠬᠤᠢ ᠪᠠᠶᠢᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠢᠭᠡ | ᠴᠥᠮ᠎ᠠ ᠨᠢᠭᠡ ᠰᠤᠷᠭᠠᠭᠤᠯᠢ ᠭᠤᠷᠪᠠᠨ ᠰᠠᠭᠤᠷᠢᠨ ᠭᠠᠵᠠᠷ︾ ᠤᠨ ᠪᠠᠶᠢᠷᠢᠰᠢᠯ ᠢ ᠪᠠᠶᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠳᠡᠭᠡᠳᠦ ᠳᠤᠮᠳᠠ ᠳᠣᠤᠷᠠᠳᠤ ᠤᠷᠤᠰᠬᠠᠯ᠂ ᠲᠣᠮᠣ | ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ ᠬᠥᠲᠥᠯᠦᠨ ᠳᠠᠭᠠᠭᠤᠯᠵᠤ᠂ ᠳᠣᠤᠷ᠎ᠠ ᠤᠭᠲᠠᠷᠭᠤᠢ ᠶᠢᠨ ᠠᠵᠤ ᠦᠢᠯᠡᠰ ᠤᠨ ᠬᠡᠯᠬᠢᠶ᠎ᠡ ᠶᠢᠨ | ᠥᠨᠳᠥᠷ ᠳᠠᠪᠲᠠᠮᠵᠢᠲᠤ ᠬᠠᠷᠢᠯᠴᠠᠨ ᠬᠥᠳᠡᠯᠦᠯᠴᠡᠬᠦ ᠪᠠ ᠠᠮᠢ ᠠᠬᠤᠶ ᠶᠢᠨ ᠴᠡᠴᠡᠭᠯᠡᠯᠲᠡ ᠶᠢ ᠠᠬᠢᠭᠤᠯᠤᠨ᠎ᠠ᠃ | |