︵ᠳᠠᠳᠤᠯᠭ᠎ᠠ ᠶᠢᠨ ᠰᠤᠷᠪᠤᠯᠵᠢᠯᠠᠭᠴᠢ ᠵᠢᠶᠠ ᠯᠦ︶ 1 ᠳ᠋ᠦ᠋ᠭᠡᠷ ᠰᠠᠷ᠎ᠠ ᠶᠢᠨ 16 ᠤ ᠡᠳᠦᠷ᠂ ᠬᠥᠬᠡᠬᠤᠲᠠ ᠶᠢᠨ ᠰᠠᠶᠢᠨ ᠳᠤᠷᠠᠴᠤᠳ ᠤᠨ ᠬᠤᠯᠪᠣᠭᠠᠲᠤ | ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ | ᠶᠡᠭᠡ ᠬᠤᠷᠠᠯ ᠠᠴᠠ ︽ᠬᠥᠬᠡᠬᠤᠲᠠ ᠶᠢᠨ ᠰᠠᠶᠢᠨ ᠳᠤᠷᠠᠴᠤᠳ ᠤᠨ ᠬᠤᠯᠪᠣᠭᠠᠲᠤ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠷᠭ᠎ᠠ︾ | ︽ᠬᠥᠬᠡᠬᠤᠲᠠ ᠶᠢᠨ ᠰᠠᠶᠢᠨ ᠳᠤᠷᠠᠴᠤᠳ ᠤᠨ ᠬᠤᠯᠪᠣᠭᠠᠲᠤ ᠬᠤᠷᠠᠯ ᠤᠨ ᠲᠦᠷᠢᠮ︾ ᠢ ᠬᠢᠨᠠᠨ ᠵᠥᠪᠯᠡᠵᠦ ᠪᠠᠲᠤᠯᠠᠭᠰᠠᠨ ᠤ ᠬᠠᠮᠲᠤ ︽ᠬᠥᠬᠡᠬᠤᠲᠠ ᠶᠢᠨ | ᠰᠠᠶᠢᠨ ᠳᠤᠷᠠᠴᠤᠳ ᠤᠨ ᠬᠤᠯᠪᠣᠭᠠᠲᠤ ᠬᠤᠷᠠᠯ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠨᠡᠶᠢᠭᠡᠮᠯᠢᠭ ᠤᠨ ᠳᠠᠷᠤᠭ᠎ᠠ᠂ ᠳᠡᠳ᠋ | ᠨᠡᠶᠢᠭᠡᠮᠯᠢᠭ ᠤᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠵᠡᠷᠭᠡ ᠶᠢᠨ ᠰᠠᠨᠠᠭᠤᠯᠭ᠎ᠠ ᠶᠢᠨ ᠨᠡᠷᠡᠰ︾ ᠢ ᠬᠢᠨᠠᠨ ᠵᠥᠪᠯᠡᠵᠦ ᠪᠠᠲᠤᠯᠠᠨ᠂ ᠨᠡᠶᠢᠲᠡ 43 ᠬᠡᠷᠡᠭ | ᠡᠷᠬᠢᠯᠡᠭᠴᠢ ᠰᠤᠩᠭᠤᠨ᠂ ᠰᠢᠨ᠎ᠡ ᠨᠢᠭᠡ ᠬᠤᠭᠤᠴᠠᠭᠠᠨ ᠤ ᠨᠡᠶᠢᠭᠡᠮᠯᠢᠭ ᠤᠨ ᠳᠠᠷᠤᠭ᠎ᠠ᠂ ᠳᠡᠳ᠋ ᠨᠡᠶᠢᠭᠡᠮᠯᠢᠭ ᠤᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ | ᠰᠣᠩᠭᠤᠨ ᠲᠣᠭᠲᠠᠭᠠᠪᠠ᠃ | ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠬᠥᠬᠡᠬᠤᠲᠠ ᠶᠢᠨ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ 54.56 ᠲᠦᠮᠡ ᠪᠠᠶᠢᠵᠤ᠂ | ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ 17.5% ᠶᠢ ᠡᠵᠡᠯᠡᠵᠦ᠂ ᠲᠠᠩᠰᠠᠨ ᠳᠤ ᠪᠠᠶᠢᠭ᠎ᠠ ᠰᠠᠶᠢᠨ ᠳᠤᠷ᠎ᠠ ᠶᠢᠨ ᠵᠣᠬᠢᠶᠠᠨ | ᠪᠠᠶᠢᠭᠤᠯᠤᠯᠲᠠ ᠶᠢᠨ ᠡᠩᠨᠡᠭᠡ 5654 ᠪᠠᠶᠢᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ ᠨᠡᠶᠢᠲᠡ 232.8 ᠲᠦᠮᠡᠨ ᠴᠠᠭ ᠪᠠᠶᠢᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ 5.7 ᠲᠦᠮᠡ ᠤᠳᠠᠭ᠎ᠠ ᠥᠷᠨᠢᠭᠦᠯᠵᠦ᠂ ᠬᠥᠮᠦᠨ ᠳᠤᠮᠳᠠᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ | 4.5 ᠴᠠᠭ ᠪᠠᠶᠢᠵᠤ᠂ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡ ᠳᠤ ᠣᠷᠣᠯᠴᠠᠬᠤ ᠬᠠᠯᠠᠭᠤᠨ ᠰᠡᠳᠬᠢᠯᠭᠡ | ᠲᠠᠰᠤᠷᠠᠯᠲᠠ ᠥᠬᠡᠶ ᠳᠡᠭᠡᠭᠰᠢᠯᠡᠪᠡ᠃ | 2024 ᠣᠨ ᠳᠤ᠂ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠢᠯᠡᠳᠲᠡ ᠠᠮᠵᠢᠯᠲᠠ ᠤᠯᠪᠠ᠃ ᠣᠷᠣᠨ ᠤ ᠲᠥᠪ ᠬᠤᠲᠠ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠠᠶᠢᠭᠤᠯᠤᠯ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠥᠷᠭᠡᠨ ᠭᠦᠨᠵᠡᠭᠡᠶ ᠥᠷᠨᠢᠭᠦᠯᠬᠦ ᠳᠤ ᠪᠠᠲᠤ ᠰᠠᠭᠤᠷᠢ ᠲᠠᠯᠪᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ ᠥᠷᠨᠢᠭᠦᠯᠬᠦ ᠪᠠᠷ | ᠳᠠᠮᠵᠢᠭᠤᠯᠤᠨ᠂ ᠨᠡᠶᠢᠲᠡ 5000 ᠭᠠᠷᠤᠶ ᠬᠥᠮᠦᠨ ᠢ ᠪᠣᠯᠪᠠᠰᠤᠷᠠᠭᠤᠯᠵᠤ᠂ ᠦᠢᠯᠡᠴᠢᠯᠡᠭᠡᠨ ᠤ ᠴᠠᠭ ᠤᠨ ᠤᠷᠳᠤ ᠳᠤ ᠰᠠᠭᠤᠷᠢᠯᠠᠨ᠂ ᠵᠥᠪ ᠴᠢᠭᠯᠡᠯ ᠢᠶᠠᠷ | ᠤᠷᠮᠠᠰᠢᠭᠤᠯᠬᠤ ᠪᠠᠷ ᠬᠠᠷᠠᠯᠲᠠ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠬᠤ ᠶᠢ ᠳᠥᠯᠭᠢᠨ ᠠᠬᠢᠭᠤᠯᠵᠤ᠂ | ︽ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ︾ 1368 ᠪᠠᠶᠢᠭᠤᠯᠪᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠲᠣᠭᠤᠷᠢᠨ ᠳᠤ ᠭᠤᠤᠯ | ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠮᠠᠷᠠᠯᠲᠠ ᠶᠢᠨ | ᠵᠠᠭᠪᠤᠷ᠂ ᠬᠠᠮᠲᠤ ᠪᠠᠷ ᠡᠳ᠋ᠯᠡᠬᠦ ᠵᠠᠭᠪᠤᠷ᠂ ᠰᠥᠨᠢ ᠶᠢᠨ ᠵᠠᠭᠪᠤᠷ ᠢ ᠬᠡᠷᠡᠭᠵᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ᠂ ︽ᠶᠣᠰᠣ ᠰᠤᠷᠲᠠᠬᠤᠨ ᠤ ᠬᠢᠴᠢᠶᠡᠯ ᠤᠨ ᠲᠠᠩᠬᠢᠮ︾ ︽ᠬᠥᠬᠡᠬᠤᠲᠠ ᠶᠢᠨ ᠶᠡᠭᠡ ᠶᠠᠷᠢᠶᠠᠨ ᠤ ᠲᠠᠪᠴᠠᠩ︾ ︽ᠰᠠᠶᠢᠨ ᠳᠤᠷ᠎ᠠ ᠶᠢᠨ | ᠬᠢᠴᠢᠶᠡᠯ ᠤᠨ ᠲᠠᠩᠬᠢᠮ︾ ᠵᠡᠷᠭᠡ ᠲᠠᠪᠴᠠᠩ ᠢᠶᠠᠷ ᠳᠠᠮᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠬᠤᠲᠠ ᠶᠢᠨ ᠠᠷᠠᠳ ᠤᠨ ᠰᠤᠷᠭᠠᠨ ᠬᠥᠮᠦᠵᠢᠯ ᠤᠨ | ᠴᠢᠬᠤᠯᠠ ᠭᠤᠭᠴᠤᠭ᠎ᠠ ᠪᠣᠯᠭᠠᠵᠤ᠂ ᠳᠥᠷᠪᠡᠨ ᠵᠢᠯ ᠤᠨ ᠲᠤᠷᠰᠢ ᠰᠠᠶᠢᠨ ᠳᠤᠷ᠎ᠠ ᠶᠢᠨ ᠦᠢᠯᠡᠴᠢᠯᠡᠭᠡ 3000 ᠭᠠᠷᠤᠶ ᠤᠳᠠᠭ᠎ᠠ ᠤᠬᠠᠭᠤᠯᠤᠨ ᠲᠠᠶᠢᠯᠪᠤᠷᠢᠯᠠᠵᠤ᠂ | ᠬᠤᠲᠠ ᠶᠢᠨ ᠠᠷᠠᠳ ᠤᠨ ᠨᠡᠶᠢᠲᠡ ᠶᠢᠨ ᠠᠰᠠᠷᠠᠮᠵᠢ ᠶᠢᠨ ᠤᠬᠠᠮᠰᠠᠷ ᠢᠯᠡᠳᠲᠡ ᠴᠢᠩᠭᠠᠷᠠᠵᠤ᠂ ᠪᠥᠬᠦ ᠠᠷᠠᠳ ᠤᠨ ᠨᠡᠶᠢᠲᠡ ᠶᠢᠨ ᠠᠰᠠᠷᠠᠮᠵᠢ ᠶᠢᠨ ᠰᠠᠶᠢᠨ | ᠰᠠᠶᠢᠬᠠᠨ ᠠᠭᠤᠷ ᠠᠮᠢᠰᠬᠤᠯ ᠢ ᠡᠳᠦᠷ ᠢᠷᠡᠬᠦᠶ᠎ᠡ ᠭᠦᠨᠵᠡᠭᠡᠶᠢᠷᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠰᠠᠶᠢᠨ ᠳᠤᠷᠠᠴᠤᠳ ᠤᠨ ᠬᠤᠯᠪᠣᠭᠠᠲᠤ ᠬᠤᠷᠠᠯ ᠠᠴᠠ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ | ᠡᠭᠦᠳᠴᠦ᠂ ᠭᠡᠰᠢᠭᠦᠨ ᠨᠢᠭᠡᠴᠢ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠰᠠᠶᠢᠨ ᠳᠤᠷᠠᠴᠤᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠶᠢᠭᠡᠮ ᠤᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠵᠤ᠂ ︽ᠲᠤᠭ᠎ᠠ ᠪᠠᠷᠢᠮᠲᠠ ᠶᠢᠨ ᠰᠠᠶᠢᠨ | ᠳᠤᠷ᠎ᠠ︾ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠ ᠰᠠᠶᠢᠨ | ᠳᠤᠷᠠᠴᠤᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠣᠶᠣᠯ ᠢ ᠪᠠᠳᠠᠷᠠᠭᠤᠯᠤᠨ᠂ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ |