︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︽ᠰᠢᠨ᠎ᠡ ᠴᠠᠭ | ᠦᠶ᠎ᠡ ᠶᠢᠨ ᠤᠷᠤᠨ ᠤ ᠲᠥᠪ ᠬᠤᠲᠠ ᠶᠢᠨ ᠴᠢᠳᠠᠪᠤᠷᠢᠲᠠᠨ ᠤ ᠠᠵᠢᠯ ᠢ ᠴᠢᠨᠠᠷ ᠰᠠᠶᠢᠲᠠᠢ ᠠᠬᠢᠭᠤᠯᠬᠤ ᠲᠤᠬᠠᠢ ᠰᠠᠨᠠᠯ︾ ︵ᠳᠥᠭᠦᠮᠴᠢᠯᠡᠭᠡᠳ | ︽ᠬᠥᠬᠡᠬᠤᠲᠠ ᠶᠢᠨ ᠴᠢᠳᠠᠪᠤᠷᠢᠲᠠᠨ ᠢᠶᠠᠷ ᠬᠤᠲᠠ ᠶᠢ ᠬᠦᠴᠦᠷᠬᠡᠭᠵᠢᠭᠦᠯᠬᠦ 25 ᠵᠤᠷᠪᠤᠰ︾ ᠭᠡᠪᠡ︶ ᠢ ᠳᠠᠷᠤᠮᠠᠯᠯᠠᠨ ᠲᠠᠷᠬᠠᠭᠠᠪᠠ᠃ ᠡᠭᠦᠨ ᠳᠤ | ︽ᠴᠢᠳᠠᠪᠤᠷᠢᠲᠠᠨ ᠤ ᠠᠮᠤᠭᠤᠯᠠᠩ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠬᠤ︾ ᠪᠠᠷ ᠬᠥᠮᠦᠨ ᠲᠠᠲᠠᠵᠤ ᠬᠥᠮᠦᠨ ᠦᠯᠡᠳᠡᠭᠡᠬᠦ ᠴᠢᠬᠤᠯᠠ ᠠᠷᠭ᠎ᠠ ᠬᠡᠮᠵᠢᠶ᠎ᠡ | ᠪᠤᠯᠭᠠᠵᠠᠢ᠃ ᠰᠤᠷᠪᠤᠯᠵᠢᠯᠠᠭᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠴᠢᠳᠠᠪᠤᠷᠢᠲᠠᠨ ᠢᠶᠠᠷ ᠬᠤᠲᠠ ᠶᠢ ᠬᠦᠴᠦᠷᠬᠡᠭᠵᠢᠭᠦᠯᠬᠦ 25 ᠵᠤᠷᠪᠤᠰ︾ ᠢ ᠨᠡᠩ ᠰᠠᠶᠢᠲᠤᠷ | ᠨᠠᠢᠳᠠᠪᠤᠷᠢᠵᠢᠭᠤᠯᠬᠤ ᠶᠢᠨ ᠲᠥᠯᠥᠭᠡ᠂ ᠲᠤᠰ ᠲᠣᠪᠴᠢᠶ᠎ᠠ ︽ᠴᠢᠳᠠᠪᠤᠷᠢᠲᠠᠨ ᠤ ᠠᠮᠤᠭᠤᠯᠠᠩ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠬᠤ︾ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠪᠣᠳᠠᠲᠠᠢᠵᠢᠭᠤᠯᠬᠤ ᠪᠣᠯᠤᠨ᠎ᠠ᠃ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠠᠯ᠎ᠠ ᠪᠠᠷ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠡᠯ᠎ᠡ | ᠲᠥᠷᠥᠯ ᠤᠨ ᠴᠢᠳᠠᠪᠤᠷᠢᠲᠠᠨ ᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠪᠥᠭᠡᠳ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ | ᠨᠥᠬᠦᠴᠡᠯ ᠳᠤ ᠨᠡᠶᠢᠴᠡᠬᠦ ᠬᠥᠮᠦᠰ ᠲᠤ ᠲᠣᠰ ᠲᠣᠰ ᠳ᠋ᠣᠺᠲ᠋ᠣᠷ᠂ ᠠᠰᠫᠢᠷᠠᠨᠲ᠂ ᠵᠢᠩᠬᠢᠨᠢ ᠠᠩᠭᠢ ᠶᠢᠨ ᠰᠤᠷᠤᠭᠴᠢᠳ ᠲᠤ 100%᠂ 50%᠂ 30% ᠶᠢᠨ | ᠲᠦᠷᠢᠶᠡᠰᠦᠨ ᠮᠥᠩᠭᠦ ᠶᠢᠨ ᠬᠠᠷᠠᠭᠠᠯᠵᠠᠯ ᠣᠯᠭᠤᠨ᠎ᠠ ︵ᠨᠥᠬᠦᠪᠦᠷᠢ ᠶᠢᠨ ᠬᠤᠭᠤᠴᠠᠭ᠎ᠠ ᠶᠢ 60 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ︶᠃ | ᠲᠦᠷᠢᠶᠡᠰᠦᠨ ᠣᠷᠣᠨ ᠰᠠᠭᠤᠴᠠ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠬᠦ ᠶᠢᠨ ᠬᠠᠮᠲᠤ᠂ ᠠᠯᠬᠤᠮ ᠠᠯᠬᠤᠮ ᠢᠶᠠᠷ ︽ᠬᠡᠮᠵᠢᠶ᠎ᠡ ᠶᠢ | ᠨᠡᠮᠡᠭᠳᠡᠭᠦᠯᠬᠦ︾ ᠠᠴᠠ ︽ᠶᠠᠰᠤ ᠴᠢᠨᠠᠷ ᠢ ᠨᠡᠮᠡᠭᠳᠡᠭᠦᠯᠬᠦ︾ ᠲᠠᠶᠢᠰᠢ ᠬᠤᠪᠢᠷᠠᠭᠤᠯᠤᠨ᠎ᠠ᠃ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠬᠡᠷ ᠪᠠᠶᠢᠰᠢᠩ ᠤᠨ | ᠢᠷᠡᠯᠲᠡ ᠶᠢ ᠴᠤᠭᠯᠠᠭᠤᠯᠵᠤ᠂ ᠣᠷᠣᠨ ᠪᠠᠶᠢᠷᠢ᠂ ᠲᠠᠯᠠᠪᠠᠶ᠂ ᠵᠠᠰᠠᠵᠤ ᠴᠢᠮᠡᠭᠯᠡᠬᠦ ᠠᠴᠠ ᠬᠡᠷ ᠤᠨ ᠡᠳ᠋ᠯᠡᠯ ᠬᠡᠷᠡᠭᠰᠡᠯ ᠢ ᠳᠣᠭᠢᠷᠠᠭᠤᠯᠬᠤ ᠬᠦᠷᠲᠡᠯ᠎ᠡ᠂ | ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠨᠠᠷᠢᠯᠢᠬᠵᠢᠭᠤᠯᠤᠨ ᠬᠠᠩᠭᠠᠨ᠎ᠠ᠃ ᠳᠡᠭᠡᠳᠦ ᠲᠠᠰ ᠤᠨ ᠴᠢᠳᠠᠪᠤᠷᠢᠲᠠᠨ ᠳᠤ ᠴᠢᠭᠯᠡᠭᠦᠯᠦᠨ ᠢᠵᠢ | ᠪᠦᠷᠢᠳᠦᠭᠰᠡᠨ ᠣᠷᠣᠨ ᠰᠠᠭᠤᠴᠠ ᠶᠢ ᠵᠣᠬᠢᠰᠲᠠᠶ ᠭᠠᠷᠭᠠᠵᠤ᠂ ᠳᠡᠭᠡᠳᠦ ᠲᠠᠰ ᠤᠨ ᠴᠢᠳᠠᠪᠤᠷᠢᠲᠠᠨ ᠢ ᠲᠠᠲᠠᠨ ᠠᠪᠴᠢᠷᠠᠬᠤ ᠣᠷᠣᠨ ᠰᠠᠭᠤᠴᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠵᠥᠪᠰᠢᠶᠡᠷᠡᠨ ᠣᠷᠣᠭᠤᠯᠵᠤ ᠪᠤᠴᠠᠭᠠᠨ ᠭᠠᠷᠭᠠᠬᠤ | ᠨᠠᠷᠢᠨ ᠲᠦᠷᠢᠮ ᠢ ᠲᠡᠭᠦᠯᠳᠡᠷᠵᠢᠭᠦᠯᠵᠦ᠂ ᠲᠦᠷᠢᠶᠡᠰᠦᠯᠡᠯ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠬᠡᠷ ᠪᠠᠶᠢᠰᠢᠩ ᠤᠨ ᠣᠷᠣᠨ ᠪᠠᠶᠢᠷᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠷ ᠪᠠᠶᠢᠰᠢᠩ ᠤᠨ ᠲᠦᠷᠢᠶᠡᠰᠦᠯᠡᠭᠦᠯᠬᠦ ᠨᠣᠷᠮ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠣᠳᠣᠬᠠᠨ ᠪᠣᠯᠲᠠᠯ᠎ᠠ᠂ ᠪᠥᠬᠦ ᠬᠤᠲᠠ ᠳᠤ ᠨᠢᠭᠡᠨᠲᠡ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ 1.84 ᠲᠦᠮᠡᠨ ᠢᠵᠢ | ︵ᠲᠠᠰᠤᠯᠭ᠎ᠠ︶ ᠴᠤᠭᠯᠠᠭᠤᠯᠵᠤ᠂ ᠨᠢᠭᠡᠨᠲᠡ ᠬᠥᠬᠡᠬᠤᠲᠠ ᠶᠢᠨ ᠣᠷᠣᠨ ᠰᠠᠭᠤᠴᠠ ᠶᠢᠨ ᠲᠦᠷᠢᠶᠡᠰᠦᠨ ᠲᠠᠪᠴᠠᠩ ᠳᠤ 12269 ᠢᠵᠢ ︵ᠲᠠᠰᠤᠯᠭ᠎ᠠ︶ | ᠣᠷᠣᠭᠤᠯᠵᠤ᠂ ᠲᠦᠷᠢᠶᠡᠰᠦᠯᠡᠵᠦ ᠪᠣᠯᠬᠤ ᠬᠡᠷ ᠤᠨ ᠢᠷᠡᠯᠲᠡ 9658 ᠢᠵᠢ ︵ᠲᠠᠰᠤᠯᠭ᠎ᠠ︶ ᠪᠣᠢ᠂ ᠡᠭᠦᠨ ᠳᠤ ᠬᠤᠲᠠ ᠶᠢᠨ ᠳᠥᠷᠪᠡᠨ ᠲᠣᠭᠤᠷᠢᠭ | 5303 ᠢᠵᠢ᠂ ᠬᠤᠷᠢᠨᠭᠡᠷ ᠰᠢᠨ᠎ᠡ ᠲᠣᠭᠤᠷᠢᠭ ᠵᠢᠴᠢ ᠡᠯ᠎ᠡ ᠨᠡᠭᠡᠭᠡᠯᠲᠡ ᠶᠢᠨ ᠲᠣᠭᠤᠷᠢᠭ 4355 ᠢᠵᠢ ᠪᠣᠶ᠃ ᠲᠠᠪᠴᠠᠩ ᠳᠤ 2.15 ᠲᠦᠮᠡᠨ ᠬᠥᠮᠦᠨ | ᠤᠳᠠᠭ᠎ᠠ ᠪᠦᠷᠢᠳᠬᠡᠨ ᠮᠡᠳᠡᠭᠦᠯᠦᠭᠰᠡᠨ ᠪᠦᠭᠡᠳ ᠨᠢᠭᠡᠨᠲᠡ 1.5 ᠲᠦᠮᠡᠨ ᠬᠥᠮᠦᠨ ᠤᠳᠠᠭ᠎ᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠲᠦᠷᠢᠶᠡᠰᠦᠯᠡᠪᠡ᠃ | ᠭᠡᠷ ᠪᠠᠶᠢᠰᠢᠩ ᠲᠦᠷᠢᠶᠡᠰᠦᠯᠡᠵᠦ ᠬᠤᠳᠠᠯᠳᠤᠨ ᠠᠪᠬᠤ ᠨᠥᠬᠦᠪᠥᠷᠢ ᠶᠢᠨ ᠲᠠᠯ᠎ᠠ ᠪᠠᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠭᠡᠷ ᠪᠠᠶᠢᠰᠢᠩ | ᠲᠦᠷᠢᠶᠡᠰᠦᠯᠡᠵᠦ ᠬᠤᠳᠠᠯᠳᠤᠨ ᠠᠪᠬᠤ ᠨᠥᠬᠦᠪᠥᠷᠢ ᠶᠢᠨ ᠭᠤᠶᠤᠴᠢᠯᠠᠯ ᠵᠢᠴᠢ ᠬᠢᠨᠠᠨ ᠬᠠᠷᠭᠤᠭᠤᠯᠬᠤ ᠶᠠᠪᠤᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠵᠣᠬᠢᠴᠠᠭᠤᠯᠤᠨ | ᠲᠣᠬᠢᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠨᠠᠨ | ᠬᠠᠷᠭᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠵᠦ ᠬᠤᠳᠠᠯᠳᠤᠨ | ᠠᠪᠬᠤ ᠨᠥᠬᠦᠪᠥᠷᠢ ᠶᠢᠨ ᠳᠦᠷᠢᠮᠵᠢᠯ ᠪᠠ ᠥᠨᠳᠥᠷ ᠪᠦᠲᠦᠮᠵᠢᠲᠡᠶ ᠲᠠᠷᠬᠠᠭᠠᠯᠲᠠ ᠶᠢ ᠦᠨᠡᠨ ᠬᠦ ᠪᠠᠲᠤᠯᠠᠵᠠᠢ᠃ ᠬᠤᠲᠠ ᠶᠢᠨ ᠬᠡᠪᠴᠢᠶᠡᠨ ᠳᠣᠲᠣᠷᠠᠬᠢ ᠠᠵᠤ | ᠠᠬᠤᠶᠢᠯᠠᠯ ᠳᠤ ᠠᠵᠢᠯ ᠣᠯᠤᠭᠰᠠᠨ ᠪᠤᠶᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ᠂ ᠲᠡᠭᠦᠰᠦᠭᠰᠡᠨ ᠬᠤᠶᠠᠷ ᠵᠢᠯ ᠤᠨ ᠳᠣᠲᠣᠷᠠᠬᠢ ᠪᠦᠬᠦᠯᠢ | ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ ᠲᠤ ᠲᠣᠰ ᠲᠣᠰ ᠳ᠋ᠣᠺᠲ᠋ᠣᠷ᠂ ᠠᠰᠫᠢᠷᠠᠨᠲ᠂ ᠵᠢᠩᠬᠢᠨᠢ | ᠠᠩᠭᠢ ᠶᠢᠨ ᠰᠤᠷᠤᠭᠴᠢ᠂ ᠲᠤᠰᠬᠠᠶ ᠮᠡᠷᠭᠡᠵᠢᠯ ᠤᠨ ᠰᠣᠷᠣᠭᠴᠢ ︵ᠳᠡᠭᠡᠳᠦ ᠵᠡᠷᠭᠡ ᠶᠢᠨ ᠠᠵᠢᠯ ᠮᠡᠷᠭᠡᠵᠢᠯ︶ ᠳᠤ ᠰᠠᠷ᠎ᠠ ᠪᠦᠷᠢ 1000 ᠲᠥᠭᠦᠷᠢᠭ᠂ 800 | ᠲᠥᠭᠦᠷᠢᠭ᠂ 500 ᠲᠥᠭᠦᠷᠢᠭ᠂ 300 ᠲᠥᠭᠦᠷᠢᠭ ᠤᠨ ᠲᠦᠷᠢᠶᠡᠰᠦᠨ ᠬᠡᠷ ᠤᠨ ᠨᠥᠬᠦᠪᠥᠷᠢ ᠣᠯᠭᠤᠨ᠎ᠠ᠃ ᠬᠤᠲᠠ ᠶᠢᠨ ᠬᠡᠪᠴᠢᠶᠡᠨ ᠤ ᠠᠵᠤ | ᠠᠬᠤᠶᠢᠯᠠᠯ ᠳᠤ ᠠᠵᠢᠯ ᠣᠯᠤᠭᠰᠠᠨ ᠪᠤᠶᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ᠂ ᠲᠡᠭᠦᠰᠦᠭᠰᠡᠨ 5 ᠵᠢᠯ ᠤᠨ ᠳᠣᠲᠣᠷ᠎ᠠ ᠠᠩᠬ᠎ᠠ ᠤᠳᠠᠭ᠎ᠠ | ᠬᠤᠲᠠ ᠶᠢᠨ ᠬᠡᠪᠴᠢᠶᠡᠨ ᠳᠤ ᠬᠡᠷ ᠪᠠᠶᠢᠰᠢᠩ ᠬᠤᠳᠠᠯᠳᠤᠨ ᠠᠪᠤᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ︵ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠭᠴᠢ ᠵᠢᠴᠢ ᠲᠡᠭᠦᠨ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ ᠲᠤ ᠲᠣᠰ ᠲᠣᠰ ᠳ᠋ᠣᠺᠲ᠋ᠣᠷ᠂ ᠠᠰᠫᠢᠷᠠᠨᠲ᠂ ᠵᠢᠩᠬᠢᠨᠢ ᠠᠩᠭᠢ ᠶᠢᠨ ᠰᠣᠷᠣᠭᠴᠢ᠂ ᠲᠤᠰᠬᠠᠶ ᠮᠡᠷᠭᠡᠵᠢᠯ ᠤᠨ | ᠠᠩᠭᠢ ᠶᠢᠨ ᠰᠣᠷᠣᠭᠴᠢ ︵ᠳᠡᠭᠡᠳᠦ ᠵᠡᠷᠭᠡ ᠶᠢᠨ ᠠᠵᠢᠯ ᠮᠡᠷᠭᠡᠵᠢᠯ︶ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ᠂ 5 ᠲᠦᠮᠡᠨ | ᠲᠥᠭᠦᠷᠢᠭ᠂ 3 ᠲᠦᠮᠡᠨ ᠲᠥᠭᠦᠷᠢᠭ᠂ 2 ᠲᠦᠮᠡᠨ ᠲᠥᠭᠦᠷᠢᠭ ᠤᠨ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠣᠯᠭᠤᠨ᠎ᠠ᠃ | ᠣᠶᠢᠯᠠᠭᠠᠭᠰᠠᠨ ᠢᠶᠠᠷ᠂ 2022 ᠣᠨ ᠠᠴᠠ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 4561 ᠬᠥᠮᠦᠨ ᠳᠤ ᠬᠡᠷ ᠪᠠᠶᠢᠰᠢᠩ ᠲᠦᠷᠢᠶᠡᠰᠦᠯᠡᠭᠦ | ᠨᠥᠬᠦᠪᠥᠷᠢ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷ ᠪᠠᠶᠢᠰᠢᠩ ᠲᠦᠷᠢᠶᠡᠰᠦᠯᠡᠭᠦ ᠨᠥᠬᠦᠪᠥᠷᠢ ᠮᠥᠩᠭᠦ 7913.12 ᠲᠦᠮᠡᠨ | ᠲᠥᠭᠦᠷᠢᠭ ᠲᠠᠷᠬᠠᠭᠠᠵᠤ᠂ ᠡᠭᠦᠨ ᠳᠤ 2024 ᠣᠨ ᠳᠤ ᠬᠡᠷ ᠪᠠᠶᠢᠰᠢᠩ ᠲᠦᠷᠢᠶᠡᠰᠦᠯᠡᠭᠦ ᠨᠥᠬᠦᠪᠥᠷᠢ ᠮᠥᠩᠭᠦ 1327 ᠬᠥᠮᠦᠨ ᠳᠤ ᠲᠠᠷᠬᠠᠭᠠᠵᠤ᠂ 2873. | 18 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠥᠷᠭᠡᠨ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠦᠷᠢᠶᠡᠯᠡᠯ ᠢ ᠣᠯᠵᠤ᠂ | ᠨᠡᠶᠢᠭᠡᠮ ᠤᠨ ᠰᠠᠶᠢᠨ ᠲᠤᠰᠬᠠᠯ ᠢ ᠣᠯᠤᠭᠰᠠᠨ ᠪᠠᠶᠢᠨ᠎ᠠ᠃ | |