| | | 1 ᠳ᠋ᠦ᠋ᠭᠡᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ ᠰᠠᠶᠢᠨ | ᠳᠤᠷᠠᠴᠤᠳ ᠤᠨ ᠪᠦᠯᠬᠦᠮ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ | ᠠᠶᠠᠯᠠᠯ ᠤᠨ ᠥᠷᠲᠡᠭᠡᠨ ᠤ ᠠᠰᠠᠷ ᠲᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠤᠨ ᠭᠢᠯᠪᠡᠭᠡᠨ ᠲᠣᠭᠯᠠᠯᠲᠠ | ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷᠠᠴᠤᠳ ᠮᠦᠽᠧᠶ ᠶᠢᠨ ᠬᠦᠷᠢᠶᠡᠯᠡᠩ ᠤᠨ ᠣᠨᠴᠠᠯᠢᠭᠲᠤ | ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠰᠠᠮᠪᠠᠷ᠎ᠠ ᠪᠠᠷ ᠳᠠᠮᠵᠢᠭᠤᠯᠤᠨ ᠥᠷᠭᠡᠨ ᠣᠯᠠᠨ ᠠᠶᠠᠨᠴᠢᠳ ᠲᠤ | ᠥᠪᠥᠷ ᠮᠣᠩᠭᠤᠯ ᠤᠨ ᠭᠠᠵᠠᠷ ᠵᠦᠶ ᠶᠢᠨ ᠳᠦᠷᠰᠦ ᠪᠠᠶᠢᠳᠠᠯ ᠪᠣᠯᠤᠨ ᠲᠡᠤᠬᠡ ᠶᠢᠨ ᠬᠤᠪᠢᠷᠠᠯᠲᠠ ᠶᠢ ᠲᠠᠨᠢᠯᠴᠠᠭᠤᠯᠬᠤ ᠶᠢᠨ | ᠬᠠᠮᠲᠤ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠭᠤᠯᠭᠠᠪᠤᠷᠢ ᠪᠦᠲᠦᠭᠡᠭᠳᠡᠬᠦᠨ ᠲᠠᠢ ᠤᠶᠠᠯᠳᠤᠭᠤᠯᠤᠨ ᠲᠡᠤᠬᠡ ᠶᠢᠨ | ᠦᠯᠢᠭᠡᠷ ᠬᠢᠭᠡᠳ ᠰᠣᠶᠣᠯ ᠤᠨ ᠠᠭᠤᠯᠤᠭᠳᠠᠬᠤᠨ ᠢ ᠨᠠᠷᠢᠨ ᠲᠠᠶᠢᠯᠪᠤᠷᠢᠯᠠᠵᠤ᠂ ᠠᠶᠠᠨᠴᠢᠳ ᠲᠤ ᠳᠠᠭᠤᠤ ᠬᠥᠭᠵᠢᠮ ᠬᠢᠭᠡᠳ | ᠲᠡᠤᠬᠡ ᠰᠣᠶᠣᠯ ᠤᠨ ᠠᠭᠤᠰᠤᠯᠴᠠᠯ ᠠᠴᠠ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ | ᠰᠣᠷᠪᠤᠯᠵᠢᠯᠠᠬᠴᠢ ᠸᠠᠩ ᠵᠦᠩ ᠵᠧᠤ ᠶᠠᠩ ᠶᠦᠩ ᠭᠠᠩ ᠰᠠᠭᠦᠲᠠᠷᠯᠠᠪᠠ | |