ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠫ︾ ᠢ ᠤᠷᠤᠭᠤᠯᠪᠠ
ᠨᠡᠶᠢᠲᠡᠯᠡᠭᠰᠡᠨ ᠴᠠᠭ᠄
2025/1/2
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠤᠨ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠴᠢᠳᠠᠪᠤᠷᠢᠲᠠᠨ ᠤ ᠠᠵᠢᠯ ᠤᠨ ︽ᠲᠥᠪ ᠢ ᠬᠦᠴᠦᠷᠬᠡᠭᠵᠢᠭᠦᠯᠬᠦ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂       ︽ᠭᠤᠣᠯᠲᠤ ᠪᠣᠷᠣ ᠶᠢ ᠦᠨᠳᠦᠰᠦᠯᠡᠭᠦᠯᠬᠦ︾ ᠲᠦᠷᠦᠯ ᠲᠡᠮᠳᠡᠭ ᠤᠨ ᠪᠠᠶᠢᠭᠤᠯᠤᠯᠲᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠠᠵᠤ ᠦᠢᠯᠡᠰ ᠢ ᠤᠷᠢᠳ ᠢᠶᠠᠷ ᠬᠡᠷᠡᠭᠵᠢᠭᠦᠯᠬᠦ᠂ ᠠᠵᠤ ᠦᠢᠯᠡᠰ ᠢᠶᠠᠷ ᠬᠤᠳᠠ ᠶᠢ ᠪᠠᠶᠢᠭᠤᠯᠬᠤ᠂ ᠠᠵᠤ ᠦᠢᠯᠡᠰ ᠶᠢ ᠬᠤᠳᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ︽ᠮᠡᠷᠬᠡᠵᠢᠯ ᠳᠤ ᠴᠠᠭᠠᠷᠠᠬᠤ᠂ ᠬᠥᠭᠵᠢᠭᠦᠯᠬᠦ ᠳᠠᠪᠴᠠᠩ ᠪᠠᠶᠢᠭᠤᠯᠬᠤ᠂ ᠰᠢᠪᠳᠤᠯᠬᠤ ᠴᠤᠭᠴᠠ ᠶᠢ ᠪᠠᠶᠢᠭᠤᠯᠬᠤ︾ ᠪᠠᠷ ᠳᠠᠮᠵᠢᠭᠤᠯᠤᠨ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠠᠯ ᠤᠨ ᠠᠮᠢ ᠠᠬᠤᠢ ᠶᠢ ᠭᠦᠨᠵᠡᠬᠡᠶᠢᠷᠡᠬᠦᠯᠦᠨ ᠪᠠᠶᠢᠭᠤᠯᠵᠤ᠂ ᠡᠭᠦᠪᠡᠷ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠵᠤᠬᠢᠴᠠᠯᠳᠤᠨ ᠭᠦᠭᠵᠢᠭᠦ ᠶᠢ ᠠᠬᠢᠭᠤᠯᠬᠤ ᠴᠢᠬᠤᠯᠠ ᠠᠷᠭ᠎ᠠ ᠵᠠᠮ ᠪᠤᠯᠭᠠᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠬᠡ ᠴᠤᠨᠨᠴᠠᠵᠢᠭᠤᠯᠤᠨᠨᠰᠠᠨ ᠲᠡᠪᠴᠡᠩ ᠢ ᠢᠳᠡᠪᠬᠢᠳᠡᠢ ᠪᠠᠶᠢᠭᠤᠯᠤᠨ᠂ ᠰᠤᠷᠭᠠᠨ ᠭᠦᠮᠦᠵᠢᠯ ᠤᠨ ᠬᠡᠯᠬᠢᠶ᠎ᠡ᠂ ᠴᠢᠳᠠᠪᠤᠷᠢᠳᠠᠨ ᠤ ᠬᠡᠯᠬᠢᠶ᠎ᠡ ᠬᠢᠬᠡᠳ ᠠᠵᠦ ᠦᠢᠯᠡᠰ ᠤᠨ ᠬᠡᠯᠬᠢᠶ᠎ᠡ᠂ ᠰᠢᠨ᠎ᠠ ᠶᠢ ᠡᠭᠦᠳᠬᠦ ᠬᠡᠯᠬᠢᠶ᠎ᠡ ᠶᠢ ᠪᠦᠳᠦᠮᠵᠢᠳᠡᠢ ᠵᠤᠯᠭᠠᠭᠤᠯᠬᠤ ᠶᠢ ᠠᠬᠢᠭᠤᠯᠪᠠ᠃ ︽ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ+︾ ᠪᠠᠷ ᠰᠢᠨ᠎ᠡ ᠬᠥᠳᠡᠯᠭᠡᠭᠦᠷ ᠪᠣᠯᠭᠠᠨ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠫ︾ ᠢ ᠤᠷᠤᠭᠤᠯᠵᠤ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠬᠥᠮᠦᠨ ᠢ ᠬᠥᠮᠦᠵᠢᠭᠦᠯᠬᠦ ᠰᠠᠭᠤᠷᠢ ᠶᠢ ᠬᠠᠮᠵᠢᠯᠴᠠᠨ ᠴᠤᠭᠴᠠᠯᠠᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠮᠥᠵᠢᠭᠦᠯᠬᠦ ᠤᠳᠤᠷᠢᠳᠤᠮᠵᠢ ᠪᠣᠯᠭᠠᠵᠤ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠨᠠᠶᠢᠳᠠᠵᠤ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠬᠢ        ︽1+N︾ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠣᠭᠲᠠᠭᠠᠵᠤ᠂ ᠪᠡᠶ᠎ᠡ ᠪᠠᠨ ᠳᠠᠭᠠᠭᠠᠵᠤ ᠬᠥᠮᠥᠵᠢᠭᠦᠯᠬᠦ ᠪᠠ ᠭᠠᠳᠠᠭᠠᠳᠤ ᠠᠴᠠ ᠣᠷᠣᠭᠤᠯᠬᠤ ᠬᠤᠣᠰ ᠴᠢᠭᠯᠡᠯᠲᠦ ᠲᠣᠭᠲᠠᠴᠠ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠣᠬᠢᠷᠠᠭᠤᠯᠤᠨ᠂ ᠴᠢᠳᠠᠪᠤᠷᠢᠲᠠᠨ ᠤ ᠡᠩᠨᠡᠭᠡ ᠶᠢ ᠲᠡᠭᠦᠯᠳᠡᠷᠵᠢᠭᠦᠯᠦᠨ ᠪᠤᠵᠠᠭᠠᠶᠢᠷᠠᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠯᠠᠭᠤᠯᠬᠤ ᠪᠠ ᠥᠨᠳᠥᠷ ᠪᠦᠲᠦᠮᠵᠢᠲᠡᠢ ᠲᠣᠬᠢᠷᠠᠭᠤᠯᠬᠤ ᠶᠢ ᠠᠬᠢᠭᠤᠯᠵᠠᠢ᠃ ᠡᠭᠦᠨ ᠤ ᠬᠠᠮᠲᠤ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ ᠨᠠᠷᠠᠲᠤ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠯᠤᠭ᠎ᠠ ᠭᠡᠷ᠎ᠡ ᠲᠣᠭᠲᠠᠨ ᠬᠠᠮᠲᠤᠷᠠᠯᠴᠠᠵᠤ᠂ ᠥᠪᠡᠷᠮᠢᠴᠡ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠲᠣᠭᠲᠠᠭᠠᠨ᠂ ᠤᠨᠴᠠᠯᠢᠬᠳᠤ ᠴᠢᠳᠠᠪᠤᠷᠢᠲᠠᠨ ᠢ ᠳᠠᠮᠵᠢᠭᠤᠯᠤᠨ ᠬᠦᠷᠭᠡᠬᠦ ᠲᠣᠭᠲᠠᠴᠠ ᠶᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠪᠤᠶᠢᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠠᠵᠤ ᠦᠢᠯᠡᠰ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠪᠡ᠃      ᠴᠢᠳᠠᠪᠤᠷᠢᠲᠠᠨ ᠤ ᠰᠤᠷᠭᠠᠨ ᠬᠥᠮᠦᠵᠢᠯ ᠤᠨ ᠬᠡᠯᠬᠢᠶ᠎ᠡ ᠶᠢ ᠵᠣᠯᠭᠠᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠲᠤᠯᠭᠠᠭᠤᠷᠢᠯᠠᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠬᠢᠮᠡᠯ ᠣᠶᠤᠨ ᠵᠡᠷᠭᠡ ᠢᠷᠡᠭᠡᠳᠦᠶ ᠶᠢᠨ ᠠᠵᠤ ᠦᠢᠯᠡᠰ ᠤᠨ ᠴᠢᠭᠯᠡᠯ ᠤᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠳᠠᠳᠤᠯᠭ᠎ᠠ ᠪᠣᠯᠪᠠᠰᠤᠷᠠᠭᠤᠯᠤᠯ ᠤᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠶᠡᠬᠡᠪᠡᠷ ᠥᠷᠨᠢᠭᠦᠯᠵᠦ᠂ 43 ᠵᠠᠬᠢᠶᠠᠯᠠᠨ ᠲᠣᠭᠲᠠᠭᠠᠭᠰᠠᠨ ᠪᠣᠯᠪᠠᠰᠤᠷᠠᠯ ᠤᠨ ᠠᠩᠭᠢ ᠨᠡᠭᠡᠭᠡᠵᠦ᠂ ᠨᠡᠶᠢᠲᠡ 1230 ᠬᠥᠮᠦᠨ ᠤᠳᠠᠭ᠎ᠠ ᠪᠣᠯᠪᠠᠰᠤᠷᠠᠯ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠣᠭᠠᠴᠢᠯᠠᠭᠰᠠᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠡᠯᠪᠡᠷᠢ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠳᠡᠭᠡᠳᠦ ᠰᠤᠷᠭᠠᠭᠤᠯᠢ ᠲᠠᠢ ᠬᠤᠯᠪᠣᠭᠠᠯᠠᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠵᠠᠰᠠᠯᠲᠠ ᠶᠢᠨ ᠣᠶᠤᠨᠴᠢ ᠪᠣᠳᠣᠯᠭ᠎ᠠ ᠶᠢᠨ ᠬᠡᠷᠡᠭᠯᠡᠭᠡᠨ ᠤ ᠦᠢᠯᠡᠳᠦᠯᠭᠡ ᠶᠢᠨ ᠲᠥᠪ ᠢ ᠪᠠᠶᠢᠭᠤᠯᠵᠤ᠂  ︽ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ︾ ᠢ ᠫᠠᠶᠢᠰᠠ ᠡᠯᠭᠦᠨ ᠬᠠᠮᠲᠤ ᠪᠠᠷ ᠪᠠᠶᠢᠭᠤᠯᠵᠤ᠂ ︽ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠳᠤᠯᠭ᠎ᠠ ᠬᠢᠬᠦ ᠠᠵᠢᠯ ᠣᠯᠭᠤᠬᠤ ᠰᠠᠭᠤᠷᠢᠨ ᠭᠠᠵᠠᠷ︾ ︽ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ ᠦᠢᠯᠡᠳᠪᠦᠷᠢᠯᠡᠯ ᠰᠤᠷᠭᠠᠨ ᠬᠦᠮᠦᠵᠢᠯ ᠢ ᠠᠭᠤᠰᠤᠯᠴᠠᠭᠤᠯᠤᠭᠰᠠᠨ ᠰᠠᠭᠤᠷᠢᠨ ᠭᠠᠵᠠᠷ︾ ᠵᠡᠷᠭᠡ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ 17 ᠰᠠᠭᠤᠷᠢᠨ ᠭᠠᠵᠠᠷ ᠢ ᠪᠠᠶᠢᠭᠤᠯᠵᠤ᠂ ᠳᠡᠭᠡᠳᠦ ᠴᠢᠳᠠᠪᠬᠢᠲᠤ ᠬᠡᠷᠡᠭᠯᠡᠭᠡᠨ ᠤ ᠬᠦᠷᠢᠶᠡᠨ ᠳᠠᠬᠢ ᠰᠢᠨ᠎ᠡ ᠶᠢ ᠡᠭᠦᠳᠬᠦ ᠰᠤᠳᠤᠯᠭᠠᠨ ᠢ ᠠᠬᠢᠭᠤᠯᠵᠤ᠂ ᠬᠢᠮᠡᠯ ᠣᠶᠣᠨ᠂ ᠵᠢᠯᠣᠭᠤᠴᠢ ᠦᠭᠡᠢ ᠨᠢᠰᠬᠡᠯ ᠵᠢᠯᠤᠭᠤᠳᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠲᠠᠯ᠎ᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ 90 ᠭᠠᠷᠤᠶ ᠤᠳᠠᠭ᠎ᠠ ᠡᠷᠭᠢᠯᠡᠵᠦ᠂ ᠨᠡᠶᠢᠲᠡ ᠲᠦᠮᠡ ᠭᠠᠷᠤᠶ ᠰᠤᠷᠤᠭᠴᠢ ᠪᠣᠯᠪᠠᠰᠤᠷᠠᠭᠤᠯᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠢᠮᠠᠭᠲᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠯᠳᠤᠭᠰᠠᠨ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠳᠠᠪᠤᠷᠢᠲᠠᠨ ᠢ ᠬᠥᠮᠦᠵᠢᠭᠦᠯᠬᠦ ᠪᠠᠷ ᠬᠠᠷᠠᠯᠲᠠ ᠪᠣᠯᠭᠠᠵᠤ᠂ ︽ᠰᠢᠨ᠎ᠡ ᠶᠢ ᠡᠭᠦᠳᠬᠦ ᠴᠡᠴᠡᠭ︾ ᠢ ᠨᠡᠩ ᠰᠠᠶᠢᠨ ︽ᠬᠥᠭᠵᠢᠯᠲᠡ ᠶᠢᠨ ᠦᠷ᠎ᠡ ᠵᠢᠮᠢᠰ︾ ᠪᠣᠯᠭᠠᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠡᠢ᠃      ᠴᠢᠳᠠᠪᠤᠷᠢᠲᠠᠨ ᠤ ᠰᠢᠪᠲᠤᠯᠬᠤ ︽ᠬᠤᠯᠪᠣᠯᠳᠤᠭᠰᠠᠨ︾ ᠴᠣᠭᠴᠠ ᠶᠢ ᠪᠠᠶᠢᠭᠤᠯᠵᠤ᠂ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ ᠤᠨ       ︽ᠰᠢᠨ᠎ᠡ︾ ᠬᠦᠴᠦᠨ ᠢ ᠴᠢᠩᠭᠠᠷᠠᠭᠤᠯᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠪᠣᠳᠣᠯᠭ᠎ᠠ ᠶᠢᠨ ᠬᠦᠴᠦᠨ ᠵᠢᠴᠢ ᠬᠢᠮᠡᠯ ᠣᠶᠤᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠢᠷᠡᠭᠡᠳᠦᠶ ᠶᠢᠨ ᠮᠠᠲ᠋ᠧᠷᠢᠶᠠᠯ ᠵᠡᠷᠭᠡ ᠭᠤᠷᠪᠠᠨ ᠶᠡᠭᠡ ᠠᠵᠤ ᠦᠢᠯᠡᠰ ᠤᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠡᠯᠰᠡᠵᠦ ᠬᠤᠣᠰ ᠲᠠᠲᠠᠬᠤ︾ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠵᠤ᠂ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠰᠢᠪᠲᠤᠯᠬᠤ ︽ᠬᠤᠯᠪᠣᠯᠳᠤᠭᠰᠠᠨ︾ ᠴᠣᠭᠴᠠ ᠶᠢ ᠪᠠᠶᠢᠭᠤᠯᠵᠤ᠂ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ 1 ᠤᠯᠤᠰ ᠤᠨ ᠭᠠᠯ ᠪᠠᠮᠪᠠᠷ ᠤᠨ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠣᠮᠣ ᠳ᠋ᠠᠶᠢᠲ᠋ᠠ ᠶᠢᠨ ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠂ 1 ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠵᠤ᠂ ︽ᠵᠡᠭᠦᠨ ᠤ ᠲᠤᠭ᠎ᠠ ᠶᠢ ᠪᠠᠷᠠᠭᠤᠨ ᠳᠤ ᠪᠤᠳᠤᠬᠤ︾ ᠪᠣᠬᠢᠷᠲᠤᠯ ᠥᠬᠡᠶ ᠪᠣᠳᠣᠯᠭ᠎ᠠ ᠶᠢᠨ ᠲᠤᠷᠰᠢᠯᠲᠠ ᠶᠢᠨ ᠲᠠᠰᠤᠭ᠂ ᠣᠶᠤᠨᠴᠢ ᠪᠣᠳᠣᠯᠭ᠎ᠠ ᠶᠢᠨ ᠬᠠᠮᠲᠤᠷᠠᠭᠰᠠᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠵᠡᠷᠭᠡ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠢ 24 ᠪᠠᠶᠢᠭᠤᠯᠵᠤ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠶᠤᠨᠴᠢ ᠦᠢᠯᠡᠳᠬᠦ ᠰᠤᠳᠤᠯᠭᠠᠨ ᠤ ᠬᠦᠷᠢᠶᠡᠯᠡᠩ᠂ ᠤᠶᠠᠨ ᠡᠯᠧᠺᠲᠷᠣᠨ ᠤ ᠰᠤᠳᠤᠯᠭᠠᠨ ᠤ ᠬᠦᠷᠢᠶᠡᠯᠡᠩ ᠵᠡᠷᠭᠡ 15 ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ᠂ ︽ᠰᠦᠨ ᠬᠦᠴᠢᠯ ᠤᠨ ᠪᠠᠺᠲ᠋ᠧᠷᠢ ᠶᠢᠨ ᠡᠬᠢ ᠪᠠᠶᠠᠯᠢᠭ ᠢ ᠠᠭᠤᠳᠠᠯᠬᠤ ᠪᠠ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠡᠷᠡᠭᠯᠡᠭᠡᠨ ᠤ ᠮᠡᠷᠭᠡᠵᠢᠯ ᠢ ᠭᠦᠨᠵᠡᠭᠡᠶ ᠨᠡᠭᠡᠭᠡᠨ ᠠᠰᠢᠭᠯᠠᠬᠤ ᠵᠢᠴᠢ ᠲᠡᠭᠦᠨ ᠢ ᠠᠵᠤ ᠦᠢᠯᠡᠰᠵᠢᠭᠦᠯᠬᠦ︾ ︽ᠲᠣᠭᠠᠴᠢᠯᠠᠭᠰᠠᠨ ᠠᠨᠠᠭᠠᠬᠤ ᠤᠬᠠᠭᠠᠨ ᠤ 3D ᠳᠠᠷᠤᠮᠠᠯᠯᠠᠬᠤ ᠬᠡᠷᠡᠭᠯᠡᠭᠡ︾ ᠵᠡᠷᠭᠡ ᠭᠤᠤᠯᠯᠠᠬᠤ ᠮᠡᠷᠭᠡᠵᠢᠯ ᠢ ᠪᠣᠭᠤᠮᠲᠠ ᠰᠢᠪᠲᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ᠂ ᠬᠠᠮ ᠴᠢᠳᠠᠪᠤᠷᠢᠲᠠᠨ ᠢ ᠬᠥᠮᠦᠵᠢᠭᠦᠯᠬᠦ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠳᠤ ᠬᠦᠴᠦᠨ ᠨᠡᠮᠡᠷᠢᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ