ᠾᠧ ᠬᠠᠢ ᠳ᠋ᠦᠩ ᠬᠤᠷᠠᠯ ᠢ ᠡᠷᠬᠢᠯᠡᠪᠡ | 1 ᠳ᠋ᠦ᠋ᠭᠡᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ | ᠵᠥᠪᠯᠡᠯ ᠤᠨ ᠡᠷᠬᠢᠯᠡᠭᠴᠢ ᠾᠧ ᠬᠠᠶ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠶᠢᠨ 6.8 ᠳᠡᠰ ᠤᠨ ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠨᠢᠭᠡᠳᠦᠭᠡᠷ ᠤᠯᠠᠷᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠡᠨᠡ ᠬᠦ ︽ᠬᠥᠪᠴᠢ︾ ᠶᠢ ᠴᠠᠭ ᠢᠮᠠᠭᠲᠠ ᠴᠢᠩᠭᠠᠯᠠᠵᠤ᠂ ᠭᠤᠣᠯᠳᠠᠯᠭ᠎ᠠ ᠲᠠᠢ | ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠶᠤᠯᠭᠦᠢ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ | ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠤᠨ | ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ | ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽︿ᠵᠢᠷᠭᠤᠭᠠᠨ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠪᠣᠯᠣᠨ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠪᠣᠳᠠᠲᠠᠢ ᠪᠠᠶᠢᠳᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ | ᠲᠣᠪᠴᠢᠶ᠎ᠠ ᠲᠠᠢ ᠰᠠᠶᠢᠲᠤᠷ ᠵᠣᠯᠭᠠᠭᠤᠯᠵᠤ᠂ ᠲᠥᠷᠥᠯ ᠵᠦᠢᠯ ᠤᠨ ᠲᠥᠯᠥᠪᠯᠡᠭᠡ ᠶᠢᠨ ᠣᠨᠣᠪᠴᠢᠲᠤ ᠴᠢᠨᠠᠷ ᠪᠣᠯᠣᠨ ᠪᠦᠲᠦᠮᠵᠢᠲᠦ ᠴᠢᠨᠠᠷ ᠢ ᠴᠢᠩᠭᠠᠳᠬᠠᠨ᠂ ᠡᠯ᠎ᠡ ᠬᠡᠷᠡᠭᠵᠢᠭᠦᠯᠬᠦ | ᠲᠥᠰᠥᠯ ᠤᠨ ᠬᠤᠭᠤᠷᠣᠨᠳᠤ ᠪᠠᠨ ᠬᠠᠷᠢᠯᠴᠠᠨ ᠵᠣᠯᠭᠠᠯᠴᠠᠬᠤ ᠶᠢ ᠴᠢᠬᠤᠯᠠᠴᠢᠯᠠᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠲᠤᠷ ᠠᠳᠬᠤᠨ᠂ ᠡᠭᠦᠷᠭᠡ ᠶᠢ ᠤᠷᠤᠭᠰᠢᠲᠠᠢ | ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽2025 ᠣᠨ ᠤ ᠴᠠᠭᠠᠨ ᠰᠠᠷ᠎ᠠ ᠶᠢ ᠤᠭᠲᠤᠬᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠠᠵᠢᠯᠯᠠᠭ᠎ᠠ ᠶᠢᠨ ᠲᠥᠰᠦᠯ︾ ᠢ ᠬᠢᠨᠠᠨ ᠵᠥᠪᠯᠡᠵᠦ᠂ | ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠨᠥᠬᠦᠪᠥᠷᠢ ᠬᠠᠷᠠᠭᠠᠯᠵᠠᠯ ᠵᠡᠷᠭᠡ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠶᠡᠷᠦᠩᠬᠡᠶᠢᠯᠡᠭᠰᠡᠨ ᠵᠠᠰᠠᠯᠲᠠ ᠶᠢ | ᠴᠢᠩᠭᠠᠳᠬᠠᠵᠤ᠂ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠠᠪᠤᠳᠠᠯ ᠢ ᠰᠤᠳᠤᠯᠵᠤ᠂ ᠭᠤᠣᠯᠳᠠᠯᠭ᠎ᠠ ᠲᠠᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠣᠷᠴᠢᠨ ᠲᠣᠭᠤᠷᠢᠨ ᠤ ᠠᠭᠠᠷ ᠮᠠᠨᠳᠠᠯ ᠤᠨ ᠶᠠᠰᠤ ᠴᠢᠨᠠᠷ ᠤᠨ ᠬᠠᠲᠠᠭᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ |