ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠼᠦᠢ ᠵᠧᠨ ᠦ᠋ ᠣᠷᠣᠯᠴᠠᠵᠠᠢ | 1 ᠳ᠋ᠦ᠋ᠭᠡᠷ ᠰᠠᠷ᠎ᠠ ᠶᠢᠨ 19 ᠤ ᠡᠳᠤᠷ᠂ ᠪᠦᠭᠦ ᠬᠤᠳᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠵᠤ᠂ ᠦᠪᠡᠷᠳᠡᠭᠡᠨ ᠵᠠᠰᠠᠬᠤ ᠤᠷᠤᠨ ᠤ ᠬᠤᠶᠠᠷ ᠬᠤᠷᠠᠯ ᠤᠨ ᠵᠤᠷᠢᠭ | ᠰᠠᠨᠠᠭ᠎ᠠ ᠪᠠ ᠰᠦᠨ ᠱᠤᠤ ᠴᠧᠩ ᠱᠦᠵᠢ ᠶᠢᠨ ᠦᠪᠡᠷᠳᠡᠭᠡᠨ ᠵᠠᠰᠠᠬᠤ ᠤᠷᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠤ ᠬᠦᠬᠡᠬᠤᠳᠠ ᠶᠢᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠨᠡ ᠵᠢᠯ ᠤᠨ ᠡᠯ᠎ᠡ ᠵᠦᠢᠯ ᠤᠨ ᠠᠵᠢᠯ ᠳᠤ | ᠨᠢᠭᠡᠨᠲᠡ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠦᠨ ᠱᠤᠤ ᠴᠧᠩ ᠱᠦᠵᠢ ᠠᠴᠠ ᠬᠥᠬᠡᠬᠤᠲᠠ ᠶᠢ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ | ᠭᠤᠣᠯ ᠡᠭᠦᠷᠭᠡ ᠶᠢ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠦᠬᠦ ᠬᠤᠳᠠ ᠪᠠᠷ ᠢᠶᠠᠨ ᠦᠷᠭᠦᠯᠵᠢᠯᠡᠨ ᠬᠠᠷᠢᠭᠤᠴᠠᠯᠭ᠎ᠠ ᠪᠠᠨ ᠪᠠᠲᠤ | ᠡᠭᠦᠷᠭᠡᠯᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠵᠢᠯ ᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ︽ᠵᠢᠷᠭᠤᠭᠠᠨ | ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠰᠢᠰᠲ᠋ᠧᠮᠲᠦ ᠴᠢᠨᠠᠷᠲᠠᠢ ᠪᠠᠷ ᠲᠥᠯᠥᠪᠵᠢᠭᠦᠯᠬᠦ᠂ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ | ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠠᠷᠳᠠᠬᠤ ᠴᠡᠭ ᠢᠶᠠᠨ ᠣᠨᠣᠪᠴᠢᠲᠠᠢ ᠣᠯᠵᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠵᠤ᠂ ᠠᠯᠳᠠᠭ᠎ᠠ | ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠤᠰᠤ ᠶᠢ ᠠᠷᠪᠢᠯᠠᠨ ᠬᠡᠷᠡᠭᠯᠡᠬᠦ᠂ | ᠠᠳᠠᠯ ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠣᠷᠣᠨ ᠤ ᠲᠥᠪ ᠬᠤᠲᠠ ᠶᠢᠨ ᠣᠨᠴᠠᠯᠢᠭ ᠲᠠᠢ ᠨᠡᠩ ᠤᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠷᠢᠯᠳᠦᠭᠦᠯᠬᠦ | ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠵᠠᠪᠳᠤᠨ ᠡᠵᠡᠯᠡᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ | ᠬᠠᠷᠢᠯᠴᠠᠨ ᠬᠤᠯᠪᠣᠯᠳᠤᠬᠤ ᠶᠢ ᠠᠬᠢᠭᠤᠯᠵᠤ᠂ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠪᠠ ᠬᠢᠮᠡᠯ ᠤᠶᠤᠨ᠂ ᠳᠣᠣᠷ᠎ᠠ ᠣᠭᠲᠠᠷᠭᠤᠢ ᠶᠢᠨ ᠠᠵᠤ ᠠᠬᠤᠢ᠂ ᠬᠤᠳᠠᠯᠳᠤᠭᠠᠨ ᠤ | ᠰᠠᠨᠰᠠᠷ ᠤᠨ ᠠᠶᠠᠯᠠᠯ᠂ ᠨᠡᠶᠢᠯᠡᠮᠡᠯ ᠠᠮᠢᠳᠤ ᠪᠣᠳᠠᠰ᠂ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ᠂ ᠲᠠᠷᠢᠬᠢ ᠮᠠᠰᠢᠨ ᠤ ᠵᠠᠯᠭᠠᠭᠠᠰᠤ᠂ ᠵᠢᠯᠣᠭᠤᠴᠢ ᠬᠡᠷᠡᠭᠯᠡᠬᠦ ᠦᠭᠡᠢ᠂ ᠪᠡᠶᠡᠴᠢ | ᠣᠶᠣᠨ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠰᠢᠨ᠎ᠡ ᠡᠨᠧᠷᠭᠢ ᠶᠢᠨ ᠳ᠋ᠢᠶᠠᠨ ᡂᠢ ᠶᠢ ᠲᠠᠬᠢᠨ ᠠᠰᠢᠭᠯᠠᠬᠤ ᠵᠡᠷᠭᠡ ᠬᠦᠷᠢᠶᠡᠨ ᠳᠤ ᠰᠢᠪᠲᠤᠯᠤᠯᠲᠠ ᠭᠠᠷᠭᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠬᠡᠷᠡᠭᠲᠡᠢ᠃ ᠬᠤᠳᠠ ᠶᠢᠨ ᠥᠨᠳᠥᠷ ᠪᠦᠲᠦᠮᠵᠢᠲᠡᠢ ᠵᠠᠰᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠰᠲ᠋ᠧᠮ ᠲᠠᠢ ᠰᠢᠯᠢᠳᠡᠭᠵᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠦᠨᠡᠨ ᠪᠣᠳᠠᠲᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠬᠤᠲᠠ ᠶᠢ ᠪᠤᠵᠠᠭᠠᠶᠢᠷᠠᠭᠤᠯᠵᠤ᠂ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ ᠢ ᠱᠠᠯᠠᠪᠳᠠᠨ | ᠨᠡᠶᠢᠲᠡᠯᠡᠵᠦ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠷᠦᠬᠡ ᠠᠮᠠ᠂ ᠠᠵᠢᠯ ᠣᠯᠭᠤᠯᠲᠠ᠂ ᠰᠤᠷᠭᠠᠭᠤᠯᠢ ᠳᠤ ᠣᠷᠣᠬᠤ ᠵᠡᠷᠭᠡ | ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ︽ᠭᠤᠷᠪᠠᠨ ᠵᠢᠯ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠬᠦ ᠠᠵᠢᠯᠯᠠᠭ᠎ᠠ︾ ᠶᠢ ᠭᠦᠨᠵᠡᠭᠡᠶ | ᠬᠡᠷᠡᠭᠵᠢᠭᠦᠯᠬᠦ ᠬᠡᠷᠡᠭᠲᠡᠶ᠃ ᠳᠠᠯᠠᠨ ᠬᠠᠷ᠎ᠠ ᠠᠭᠤᠯᠠ ᠶᠢ ᠰᠡᠳᠬᠢᠯ ᠲᠠᠯᠪᠢᠨ ᠰᠠᠶᠢᠲᠤᠷ ᠬᠠᠮᠠᠭᠠᠯᠠᠨ ᠰᠠᠶᠢᠲᠤᠷ ᠬᠡᠷᠡᠭᠯᠡᠵᠦ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠮᠥᠷᠲᠡᠭᠡᠨ ᠪᠠᠰᠠ ᠠᠷᠠᠳ ᠤᠯᠠᠨ ᠤ ᠵᠤᠭ᠎ᠠ ᠴᠡᠩᠭᠡᠯ ᠤᠨ ᠰᠠᠶᠢᠬᠠᠨ ᠭᠠᠵᠠᠷ ᠪᠣᠯᠭᠠᠬᠤ | ᠬᠡᠷᠡᠭᠲᠡᠢ᠃ ᠢᠯᠠᠯᠲᠠ ᠶᠢᠨ ᠡᠷᠴᠢᠨ ᠳᠡᠭᠡᠷ᠎ᠡ ᠵᠢᠭᠤᠯᠴᠢᠯᠠᠯ ᠤᠨ ᠦᠢᠯᠡᠰ ᠢ ᠬᠥᠭᠵᠢᠶᠡᠨ ᠲᠠᠢ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠰᠠᠨᠠᠯ ᠢ ᠲᠦᠷᠭᠡᠨ ᠨᠡᠶᠢᠲᠡᠯᠡᠵᠦ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠪᠠᠶᠢᠷᠢᠰᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠢ ᠦᠨᠡᠨᠬᠦ ᠲᠤᠯᠭᠠᠭᠤᠷᠢ ᠠᠵᠤ ᠦᠢᠯᠡᠰ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠢᠯᠡᠭᠦᠬᠡᠨ ᠰᠡᠳᠬᠢᠯ ᠲᠠᠯᠪᠢᠵᠤ᠂ | ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠢᠳᠡᠭᠡᠨ ᠤ ᠠᠶᠤᠯᠭᠦᠢ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ᠂ ᠬᠦᠴᠢᠷᠳᠡᠯᠲᠡᠢ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ | ᠠᠷᠠᠳ ᠲᠦᠮᠡᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠡᠢ᠃ |