︵ᠰᠤᠷᠪᠤᠯᠵᠢᠯᠠᠭᠴᠢ ᠦ᠋ ᠽᠢ ᠰᠢᠦᠸᠠᠨ︶ 1 ᠳ᠋ᠦ᠋ᠭᠡᠷ ᠰᠠᠷ᠎ᠠ ᠶᠢᠨ 21 ᠤ ᠡᠳᠦᠷ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠵᠦᠪᠰᠢᠶᠡᠷᠡᠯ ᠢᠶᠠᠷ ᠤᠯᠤᠰ ᠤᠨ ᠡᠪᠡᠰᠦ ᠪᠡᠯᠴᠢᠭᠡᠷ ᠤᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠪᠡᠯᠡᠳᠭᠡᠯ︶ ᠤᠨ ᠪᠦᠲᠦᠭᠡᠨ | ᠪᠠᠢᠭᠤᠯᠤᠭᠰᠠᠨ ︽ᠤᠯᠤᠰ ᠤᠨ ᠣᠢ ᠰᠢᠭᠤᠢ ᠡᠪᠡᠰᠦ ᠤᠷᠭᠤᠮᠠᠯ ᠤᠨ ᠰᠢᠨ᠎ᠡ ᠡᠭᠦᠯᠳᠡᠷ ᠤᠨ ᠬᠥᠬᠡᠬᠤᠲᠠ ᠳᠠᠬᠢ ᠰᠢᠯᠭᠠᠨ ᠪᠠᠶᠢᠴᠠᠭᠠᠬᠤ ᠥᠷᠲᠡᠭᠡ︾ ᠶᠢ | ᠵᠢᠩᠬᠢᠨᠢ ᠪᠠᠷ ᠡᠬᠢᠯᠡᠵᠦ ᠪᠠᠶᠢᠭᠤᠯᠪᠠ᠃ ᠲᠣᠰ ᠲᠠᠪᠴᠠᠩ ᠨᠢ ᠥᠪᠥᠷ ᠮᠣᠩᠭᠤᠯ ᠤᠨ ᠠᠩᠬᠠᠳᠠᠭᠴᠢ ᠤᠯᠤᠰ ᠤᠨ ᠲᠠᠰ ᠤᠨ ᠣᠶ ᠰᠢᠭᠤᠶ ᠡᠪᠡᠰᠦ ᠤᠷᠭᠤᠮᠠᠯ ᠤᠨ | ᠰᠢᠨ᠎ᠡ ᠡᠭᠦᠯᠳᠡᠷ ᠢ ᠰᠢᠯᠭᠠᠨ ᠪᠠᠶᠢᠴᠠᠭᠠᠬᠤ ᠥᠷᠲᠡᠭᠡ ᠪᠣᠯᠬᠤ ᠪᠥᠭᠡᠳ ᠪᠠᠰᠠ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠠᠩᠬᠠᠳᠠᠭᠴᠢ | ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠢ ᠰᠢᠯᠭᠠᠨ ᠪᠠᠶᠢᠴᠠᠭᠠᠬᠤ ᠥᠷᠲᠡᠭᠡ ᠪᠣᠯᠤᠨ᠎ᠠ᠃ | ᠲᠣᠰ ᠰᠢᠯᠭᠠᠨ ᠪᠠᠶᠢᠴᠠᠭᠠᠬᠤ ᠥᠷᠲᠡᠭᠡ ᠨᠢ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢᠨ ᠬᠠᠮᠠᠭᠠᠯᠠᠯᠲᠠ ᠪᠠ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠪᠡᠯᠡᠳᠭᠡᠯ︶ ᠤᠨ | ᠬᠠᠮᠵᠢᠯᠴᠠᠨ ᠰᠢᠨ᠎ᠡ ᠶᠢ ᠡᠭᠦᠳᠬᠦ ᠰᠦᠯᠵᠢᠶ᠎ᠡ ᠳᠤ ᠲᠦᠰᠢᠭᠯᠡᠨ᠂ ᠥᠪᠥᠷ ᠮᠣᠩᠭᠤᠯ ᠳᠤ ᠰᠠᠭᠤᠷᠢᠯᠠᠨ᠂ ᠪᠥᠬᠦ ᠤᠯᠤᠰ ᠢ ᠨᠥᠯᠥᠭᠡᠯᠡᠵᠦ᠂ ᠮᠠᠨ ᠤ ᠤᠯᠤᠰ ᠤᠨ | ᠡᠪᠡᠰᠦᠨ ᠤ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠡᠪᠡᠰᠦᠨ ᠦᠷ᠎ᠡ ᠶᠢᠨ ᠦᠢᠯᠡᠰ ᠤᠨ ᠳᠡᠯᠡᠬᠡᠶ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠪᠠᠶᠢᠭᠤᠯᠤᠭᠰᠠᠨ ᠤ ᠳᠠᠷᠠᠭ᠎ᠠ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠤᠨ DUS ᠶᠢ ᠰᠢᠯᠭᠠᠨ ᠪᠠᠶᠢᠴᠠᠭᠠᠬᠤ᠂ ᠰᠢᠯᠭᠠᠨ ᠪᠠᠶᠢᠴᠠᠭᠠᠬᠤ | ᠮᠡᠷᠭᠡᠵᠢᠯ ᠤᠨ ᠰᠢᠨ᠎ᠡ ᠶᠢ ᠡᠭᠦᠳᠬᠦ ᠶᠢ ᠲᠤᠰᠬᠠᠶᠢᠯᠠᠨ ᠥᠷᠨᠢᠭᠦᠯᠵᠦ᠂ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠵᠤ᠂ ᠡᠪᠡᠰᠦᠨ ᠤ | ᠡᠭᠦᠯᠳᠡᠷ ᠤᠨ ᠢᠯᠡᠷᠡᠯ ᠤᠨ ᠬᠡᠯᠪᠡᠷᠢ ᠵᠢᠴᠢ ᠭᠧᠨ ᠤ ᠬᠡᠯᠪᠡᠷᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ | ᠡᠭᠦᠯᠳᠡᠷ ᠢ ᠬᠠᠮᠠᠭᠠᠯᠠᠬᠤ᠂ ᠡᠷᠬᠡ ᠶᠢ ᠬᠠᠮᠠᠭᠠᠯᠠᠬᠤ᠂ ᠵᠢᠭᠤᠷᠠᠯᠳᠤᠭᠠᠨ ᠢ ᠮᠠᠭᠠᠳᠯᠠᠨ ᠲᠣᠭᠲᠠᠭᠠᠬᠤ ᠵᠡᠷᠭᠡ ᠦᠢᠯᠡᠴᠢᠯᠡᠭᠡ ᠶᠢ ᠬᠠᠩᠭᠠᠨ᠎ᠠ᠃ | ᠲᠠᠷᠠᠭᠠᠴᠢ ᠶᠢᠨ ᠠᠯᠬᠤᠮ ᠳᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠪᠡᠯᠡᠳᠭᠡᠯ︶ ᠨᠢ ᠰᠢᠯᠭᠠᠨ | ᠪᠠᠶᠢᠴᠠᠭᠠᠬᠤ ᠥᠷᠲᠡᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠷᠡᠭᠯᠡᠭᠡᠨ ᠤ ᠦᠷ᠎ᠡ ᠪᠦᠲᠦᠭᠡᠯ ᠳᠤ ᠲᠦᠰᠢᠭᠯᠡᠨ᠂ ᠡᠪᠡᠰᠦᠨ ᠤ ᠲᠥᠷᠥᠯ ᠤᠨ | ᠤᠷᠭᠤᠮᠠᠯ ᠤᠨ ᠰᠢᠨ᠎ᠡ ᠡᠭᠦᠯᠳᠡᠷ ᠢ ᠰᠢᠯᠭᠠᠨ ᠪᠠᠶᠢᠴᠠᠭᠠᠬᠤ ᠳᠤᠲᠠᠭᠤᠳᠠᠯ ᠢ ᠨᠥᠬᠦᠪᠥᠷᠢᠯᠡᠵᠦ᠂ ᠬᠢᠨᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠶᠢ | ᠪᠣᠭᠤᠨᠢᠰᠬᠠᠵᠤ᠂ ᠡᠴᠦᠰ ᠲᠡᠭᠡᠨ ᠤᠯᠠᠨ ᠤᠯᠤᠰ ᠤᠨ ᠪᠠᠷᠢᠮᠵᠢᠶᠠᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ᠂ ᠪᠡᠶ᠎ᠡ ᠪᠠᠨ ᠳᠠᠭᠠᠭᠠᠭᠰᠠᠨ ᠠᠮᠤᠷ | ᠲᠦᠪᠰᠢᠨ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ ᠰᠢᠯᠭᠠᠨ ᠪᠠᠶᠢᠴᠠᠭᠠᠬᠤ ᠥᠷᠲᠡᠭᠡ ᠶᠢ ᠪᠠᠶᠢᠭᠤᠯᠵᠤ᠂ ︽ᠭᠤᠷᠪᠠᠨ ᠤᠮᠠᠷᠠᠲᠤ ᠶᠢᠨ ᠢᠨᠵᠧᠨᠧᠷᠢᠩ︾ | ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ |