ᠭᠦᠭᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ ᠨᠢᠳᠤᠨᠤᠨ ᠤ 12 ᠰᠠᠷ᠎ᠠ ᠶᠢᠨ 23 ᠤ ᠡᠳᠦᠷ | ᠠᠴᠠ ᠭᠤᠣᠯᠳᠠᠯᠭ᠎ᠠ ᠲᠠᠢ ᠭᠤᠣᠯ ᠮᠥᠷᠡᠨ ᠤ ︽ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ︾ ᠶᠢ | ᠡᠷᠭᠢᠨ ᠬᠠᠷᠠᠬᠤ ᠵᠢᠴᠢ ᠭᠤᠣᠯ ᠤᠨ ᠭᠤᠯᠳᠤᠷᠢᠯ ᠢ ᠴᠡᠪᠡᠷᠯᠡᠬᠦ ᠠᠵᠢᠯᠯᠠᠭ᠎ᠠ ᠶᠢ ᠪᠦᠭᠦ ᠲᠠᠯ᠎ᠠ ᠪᠠᠷ ᠡᠬᠢᠯᠡᠭᠦᠯᠪᠡ᠃ | ᠣᠶᠢᠯᠠᠭᠠᠭᠰᠠᠨ ᠢᠶᠠᠷ᠂ ᠭᠦᠭᠡᠬᠤᠲᠠ 2025 ᠣᠨ ᠤ 1 ᠰᠠᠷ᠎ᠠ ᠶᠢᠨ 25 ᠤ ᠡᠳᠦᠷ ᠠᠴᠠ ᠡᠮᠦᠨ᠎ᠡ ᠭᠤᠣᠯ ᠤᠨ ᠭᠤᠯᠳᠤᠷᠢᠯ ᠤᠨ ᠳᠣᠲᠣᠷᠠᠬᠢ | ᠵᠠᠯᠭᠠᠯᠳᠤᠭᠰᠠᠨ ᠮᠣᠳᠣ᠂ ᠥᠨᠳᠥᠷ ᠡᠰᠢᠲᠦ ᠲᠠᠷᠢᠮᠠᠯ᠂ ᠬᠠᠰᠢᠯᠭ᠎ᠠ ᠳᠠᠯᠠᠩ᠂ ᠨᠦᠬᠡ᠂ ᠤᠰᠤ ᠬᠤᠷᠢᠭᠯᠠᠬᠤ ᠵᠠᠮ᠂ ᠬᠥᠭᠦᠷᠭᠡ ᠵᠢᠴᠢ ᠵᠢᠭᠠᠰᠤᠨ ᠴᠥᠭᠦᠷᠥᠮ᠂ | ᠲᠡᠵᠢᠭᠡᠨ ᠦᠷᠡᠵᠢᠭᠦᠯᠬᠦ ᠲᠠᠯᠠᠪᠠᠶ᠂ ᠲᠣᠮᠣ ᠫᠧᠩ ᠵᠡᠷᠭᠡ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ᠃ | 2025 ᠣᠨ ᠤ ᠵᠢᠯ ᠤᠨ ᠰᠡᠭᠦᠯᠴᠢ ᠠᠴᠠ ᠡᠮᠦᠨ᠎ᠡ ᠬᠠᠲᠤᠨ ᠭᠤᠣᠯ ᠤᠨ ᠲᠠᠩ ᠤᠨ ᠣᠷᠣᠨ ᠤ ᠳᠣᠲᠣᠷ᠎ᠠ ᠥᠨᠳᠥᠷ ᠡᠰᠢᠲᠦ ᠲᠠᠷᠢᠮᠠᠯ ᠳᠠᠷᠢᠬᠤ ᠶᠢ | ᠴᠠᠭᠠᠵᠠᠯᠠᠬᠤ᠂ ᠶᠡᠭᠡ ᠲᠦᠷᠭᠡᠨ ᠭᠤᠣᠯ᠂ ᠾᠦᠨ ᠾᠧ ᠭᠤᠣᠯ ᠤᠨ ᠭᠤᠣᠯ ᠪᠤᠯᠬᠤ ᠬᠤᠩᠭᠢᠯ ᠤᠨ ᠣᠷᠣᠨ ᠳᠤ ᠲᠠᠷᠢᠶ᠎ᠠ ᠳᠠᠷᠢᠬᠤ ᠶᠢ ᠴᠠᠭᠠᠵᠠᠯᠠᠬᠤ ᠵᠢᠴᠢ | ᠡᠪᠡᠰᠦ ᠮᠣᠳᠣ ᠶᠢ ᠴᠡᠪᠡᠷᠯᠡᠬᠦ ᠠᠵᠢᠯ ᠢ ᠪᠦᠭᠦ ᠲᠠᠯ᠎ᠠ ᠪᠠᠷ ᠪᠡᠶᠡᠯᠡᠭᠦᠯᠵᠦ᠂ ᠭᠤᠣᠯ ᠤᠨ ᠭᠤᠯᠳᠤᠷᠢᠯ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ | ᠭᠦᠭᠡᠬᠤᠲᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠬᠢᠨ ᠳᠥᠭᠦᠮ ᠳᠥᠲᠡ ᠬᠡᠷᠡᠭᠯᠡᠬᠦ ᠳᠤ ᠠᠮᠠᠷ ᠱᠣᠰᠢᠭ᠎ᠠ ᠲᠡᠮᠳᠡᠭ ᠢ ᠠᠰᠢᠭᠯᠠᠨ᠂ | ᠲᠠᠷᠢᠬᠤ ᠶᠢ ᠴᠠᠭᠠᠵᠠᠯᠠᠬᠤ ᠱᠤᠭᠤᠮ ᠢ ᠪᠣᠳᠠᠲᠠᠢ ᠭᠠᠵᠠᠷ ᠲᠤᠨᠢ ᠵᠢᠷᠤᠨ ᠨᠠᠶᠢᠳᠠᠪᠤᠷᠢᠵᠢᠭᠤᠯᠵᠤ᠂ ᠲᠠᠷᠢᠶᠠᠯᠠᠬᠤ ᠡᠷᠦᠭᠡ ᠶᠢᠨ ᠢᠯᠭᠠᠨ ᠲᠠᠨᠢᠬᠤ ᠳᠤ ᠲᠥᠭᠦᠮ | ᠪᠤᠯᠭᠠᠨ᠎ᠠ᠃ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠭᠤᠣᠯ ᠤᠨ ᠲᠠᠩ ᠪᠠ ᠬᠤᠩᠭᠢᠯ ᠤᠨ ᠣᠷᠣᠨ ᠳᠤ ᠲᠠᠷᠢᠶ᠎ᠠ | ᠲᠠᠷᠢᠬᠤ ᠶᠢ ᠴᠠᠭᠠᠵᠠᠯᠠᠬᠤ ᠵᠠᠷᠯᠢᠭ ᠨᠡᠶᠢᠲᠡᠯᠡᠵᠦ᠂ ᠲᠠᠷᠢᠶ᠎ᠠ ᠲᠠᠷᠢᠬᠤ ᠶᠢ ᠴᠠᠭᠠᠵᠠᠯᠠᠬᠤ ᠬᠠᠮᠢᠶᠠᠷᠤᠯᠲᠠ ᠶᠢᠨ ᠬᠡᠪᠴᠢᠶ᠎ᠡ ᠵᠢᠴᠢ ᠰᠠᠭᠤᠷᠢ ᠲᠤᠭ᠎ᠠ ᠶᠢ | ᠲᠣᠳᠣᠷᠬᠠᠶᠢᠯᠠᠨ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠳᠠᠷᠢᠬᠤ ᠶᠢ ᠴᠠᠭᠠᠵᠠᠯᠠᠬᠤ | ᠬᠡᠷᠡᠭᠵᠢᠭᠦᠯᠬᠦ ᠲᠥᠰᠥᠯ ᠢ ᠲᠥᠷᠥᠯ ᠬᠤᠪᠢᠶᠠᠨ ᠲᠣᠬᠲᠠᠭᠠᠨ᠎ᠠ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠬᠢᠨᠠᠯᠲᠠ ᠬᠠᠮᠢᠶᠠᠷᠤᠯᠲᠠ ᠶᠢᠨ ᠡᠷᠴᠢᠮ | ᠢᠶᠠᠨ ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠨ ᠲᠠᠷᠢᠶ᠎ᠠ ᠳᠠᠷᠢᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠭᠤᠣᠯ ᠤᠨ ᠲᠠᠩ ᠪᠠ | ᠬᠤᠩᠭᠢᠯ ᠤᠨ ᠣᠷᠣᠨ ᠳᠤ ᠲᠣᠭᠲᠠᠭᠠᠯ ᠠᠴᠠ ᠵᠥᠷᠢᠴᠡᠨ ᠲᠠᠷᠢᠶ᠎ᠠ ᠳᠠᠷᠢᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠪᠤᠢ᠃ | | | | | |