ᠭᠦᠭᠡᠬᠤᠲᠠ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/1/22
      ᠰᠤᠷᠪᠤᠯᠵᠢᠯᠠᠬᠴᠢ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠣᠶᠢᠯᠠᠭᠠᠭᠰᠠᠨ  ᠢᠶᠠᠷ᠂ 2024 ᠣᠨ ᠳᠤ ᠭᠦᠭᠡᠬᠤᠲᠠ ᠶᠢᠨ ᠰᠦ ᠶᠢᠨ ᠭᠠᠷᠤᠯᠲᠠ 222 ᠲᠦᠮᠡᠨ ᠲᠣᠨ ᠳᠤ ᠬᠦᠷᠴᠦ᠂  2021 ᠣᠨ ᠤ ᠬᠢ ᠠᠴᠠ 47 ᠲᠦᠮᠡᠨ ᠲᠣᠨ ᠨᠡᠮᠡᠭᠳᠡᠨ᠂ ᠳᠥᠷᠪᠡᠨ ᠵᠢᠯ  ᠳᠠᠷᠠᠭᠠᠯᠠᠨ ᠨᠡᠮᠡᠭᠳᠡᠯ  ᠢᠶᠠᠨ ᠪᠠᠲᠤᠯᠠᠪᠠ᠃      2024 ᠣᠨ ᠳᠤ  ᠭᠦᠭᠡᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ︽ᠭᠤᠣᠯᠳᠠᠯᠭ᠎ᠠ ᠶᠢ ᠪᠠᠲᠤᠯᠠᠵᠤ︾᠂ ︽ᠥᠨᠳᠥᠷ ᠭᠠᠷᠤᠯᠲᠠ ᠶᠢ ᠪᠠᠲᠤᠯᠠᠬᠤ︾ ᠪᠠᠶᠢᠯᠳᠤᠬᠤ ᠪᠣᠳᠣᠯᠭ᠎ᠠ ᠶᠢ ᠵᠢᠷᠤᠮᠯᠠᠵᠤ᠂ ᠲᠡᠵᠢᠭᠡᠨ ᠦᠷᠡᠵᠢᠭᠦᠯᠬᠦ ᠲᠠᠯᠠᠪᠠᠶ ᠶᠢ ᠬᠥᠲᠥᠯᠥᠨ ᠵᠢᠯᠤᠭᠤᠳᠴᠤ ᠪᠠᠶᠢᠭᠠᠳ ᠰᠠᠭᠠᠯᠢ  ᠶᠢᠨ ᠦᠨᠢᠶᠡᠨ ᠤ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠰᠦ ᠶᠢᠨ ᠭᠠᠷᠤᠯᠲᠠ ᠪᠠᠷ ᠳᠣᠣᠷ᠎ᠠ ᠰᠠᠭᠠᠯᠢ ᠶᠢᠨ ᠦᠨᠢᠶ᠎ᠡ ᠶᠢ ᠰᠢᠭᠰᠢᠭᠳᠡᠭᠦᠯᠵᠦ᠂ ᠴᠢᠨᠠᠷ ᠰᠠᠶᠢᠲᠠᠢ ᠬᠦᠢᠰᠦ ᠶᠢᠨ ᠢᠯᠭᠠᠯ ᠢ ᠡᠵᠡᠮᠳᠡᠭᠰᠡᠨ ᠭᠦᠪᠦᠷᠡᠯ ᠪᠠ  ᠴᠢᠨᠠᠷ ᠰᠠᠶᠢᠲᠠᠢ  ᠢᠴᠡᠭᠡᠯ ᠦᠷ᠎ᠡ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠰᠠᠭᠠᠯᠢ ᠶᠢᠨ ᠦᠨᠢᠶᠡᠨ ᠤ ᠰᠦ ᠶᠢᠨ ᠭᠠᠷᠤᠯᠲᠠ ᠶᠢ ᠳᠡᠭᠡᠭᠰᠢᠯᠡᠭᠦᠯᠭᠦ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂  ᠪᠦᠭᠦ  ᠵᠢᠯ ᠤᠨ ᠰᠦ ᠶᠢᠨ ᠭᠠᠷᠤᠯᠲᠠ ᠶᠢ ᠵᠣᠬᠢᠬᠤ  ᠬᠡᠮᠵᠢᠶ᠎ᠡ  ᠪᠠᠷ ᠨᠡᠮᠡᠭᠳᠡᠭᠦᠯᠦᠭᠰᠡᠨ ᠪᠠᠶᠢᠨ᠎ᠠ᠃      ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠭᠦᠭᠡᠬᠤᠲᠠ ᠶᠢᠨ ᠬᠢᠨ ᠢᠯᠢ ᠪᠠ ᠮᠧᠩ ᠨᠢᠦ ᠬᠤᠶᠠᠷ ᠲᠣᠮᠣ ᠳᠠᠭᠠᠭᠤᠯᠤᠭᠴᠢ ᠠᠵᠤ ᠠᠬᠤᠶᠢᠯᠠᠯ ᠲᠠᠢ ᠵᠤᠯᠭᠠᠯᠴᠠᠭ᠎ᠠ ᠥᠷᠨᠢᠭᠦᠯᠵᠦ᠂ ᠬᠡᠪ ᠤᠨ ᠶᠣᠰᠣᠭᠠᠷ ᠡᠵᠡᠩᠨᠡᠵᠦ ᠪᠠᠶᠢᠭ᠎ᠠ 143 ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠶᠢᠳᠠᠯ ᠢ ᠣᠶᠢᠯᠠᠭᠠᠨ᠂ ᠰᠦ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠳᠠᠭᠠᠨ ᠵᠠᠰᠠᠪᠤᠷᠢ ᠣᠷᠣᠭᠤᠯᠵᠤ᠂ ︽ᠨᠢᠭᠡ ᠲᠠᠯᠠᠪᠠᠢ ᠳᠤ ᠨᠢᠭᠡ ᠠᠷᠭ᠎ᠠ ᠪᠣᠳᠣᠯᠭ᠎ᠠ ᠠᠪᠬᠤ︾ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠂ ᠳᠤᠮᠳᠠ ᠪᠠᠭ᠎ᠠ ᠮᠠᠯᠵᠢᠯ ᠤᠨ ᠲᠠᠯᠠᠪᠠᠶ ᠬᠢᠭᠡᠳ ᠳᠤᠮᠳᠠ ᠪᠠᠭ᠎ᠠ ᠴᠠᠭᠠᠨ ᠢᠳᠡᠭᠡᠨ ᠤ ᠠᠵᠤ ᠠᠬᠤᠶᠢᠯᠠᠯ ᠪᠤᠶᠤ ᠭᠠᠷ ᠦᠢᠯᠡᠳᠬᠡᠯ ᠤᠨ ᠭᠠᠵᠠᠷ ᠤᠨ ᠬᠠᠩᠭᠠᠨ ᠪᠣᠷᠣᠯᠠᠭᠤᠯᠬᠤ ᠬᠠᠷᠢᠴᠠᠭ᠎ᠠ ᠪᠠᠶᠢᠭᠤᠯᠬᠤ ᠶᠢ ᠬᠠᠪᠰᠤᠷᠤᠨ ᠵᠢᠯᠤᠭᠤᠳᠴᠤ᠂ ᠰᠦ ᠰᠠᠭᠠᠯᠢ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠪᠦᠳᠦᠮᠵᠢᠳᠠᠢ ᠥᠷᠭᠡᠳᠬᠡᠪᠡ᠃ ᠲᠣᠭᠲᠠᠬᠤ ᠰᠢᠶᠠᠨ ᠤ 18 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠠᠮᠢᠶ᠎ᠠ ᠪᠦᠬᠦᠢ ᠦᠢᠯᠡᠳᠪᠦᠷᠢᠯᠡᠯ  ᠤᠨ ᠴᠢᠳᠠᠪᠤᠷᠢ ᠶᠢᠨ ᠬᠦᠷᠢᠶᠡᠯᠡᠩ ᠲᠣᠭᠤᠷᠢᠭ ᠲᠡᠶᠢᠰᠢ ᠰᠢᠯᠵᠢᠭᠦ ᠶᠢ ᠬᠥᠲᠥᠯᠥᠨ ᠵᠢᠯᠤᠭᠤᠳᠴᠤ᠂ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ  ᠪᠠᠨ ᠳᠡᠭᠡᠭᠰᠢᠯᠡᠭᠦᠯᠪᠡ᠃ ᠡᠭᠦᠨ  ᠤ ᠬᠠᠮᠲᠤ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ ︽ᠭᠦᠭᠡᠬᠤᠲᠠ ᠶᠢᠨ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠪᠤᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ ᠲᠤᠭᠤᠷᠪᠢᠵᠤ᠂ ᠲᠡᠵᠢᠭᠡᠨ ᠦᠷᠡᠵᠢᠭᠦᠯᠬᠦ ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠵᠣᠷᠢᠭᠵᠢᠭᠤᠯᠵᠤ᠂ ᠳᠤᠮᠳᠠ ᠪᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠴᠠᠭᠠᠨ ᠢᠳᠡᠭᠡᠨ  ᠤ ᠵᠢᠵᠢᠭ ᠦᠢᠯᠡᠳᠬᠡᠯ ᠤᠨ ᠭᠠᠵᠠᠷ ᠪᠤᠶᠤ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠡᠷᠭᠢᠯᠡᠭᠦ ᠶᠢ ᠵᠣᠷᠢᠭᠵᠢᠭᠤᠯᠵᠤ᠂ ᠰᠢᠨ᠎ᠡ ᠰᠣᠷᠭᠤᠭ ᠲᠦᠭᠦᠬᠡᠢ ᠰᠦ ᠶᠢᠨ ᠬᠡᠷᠡᠭᠯᠡᠭᠡ ᠶᠢ ᠠᠬᠢᠭᠤᠯᠵᠤ᠂ ᠵᠠᠬ᠎ᠠ  ᠳᠡᠯᠭᠡᠭᠦᠷ  ᠤᠨ ᠲᠦᠭᠰᠢᠭᠦᠷᠢ  ᠶᠢ ᠰᠡᠷᠭᠡᠶᠢᠯᠡᠭᠰᠡᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ