ᠪᠣᠣ ᠭᠠᠩ ᠬᠤᠷᠠᠯ ᠡᠷᠬᠢᠯᠡᠨ ᠶᠠᠷᠢᠶ᠎ᠠ ᠲᠠᠯᠪᠢᠵᠠᠢ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 22 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ | 2024 ᠣᠨ ᠤ ᠠᠷᠠᠳᠴᠢᠯᠠᠯ ᠤᠨᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠶᠢᠨ | ᠲᠣᠭᠤᠷᠢᠨ ᠳᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠪᠦᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠡᠷᠬᠢᠯᠡᠭᠰᠡᠨ ᠪᠥᠭᠡᠳ | ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠦᠨᠡᠯᠡᠯᠲᠡ ᠬᠢᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠪᠣᠳᠠᠲᠠᠶ ᠲᠥᠰᠦᠯ ᠲᠣᠭᠲᠠᠭᠠᠵᠤ᠂ ᠰᠤᠷᠤᠯᠴᠠᠨ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ | ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ | ᠬᠢᠵᠡᠶ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨᠠᠮᠢᠳᠤᠷᠠᠯ ᠤᠨ ᠬᠤᠷᠠᠯ ᠤᠨ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ | ᠮᠡᠳᠡᠭᠳᠡᠪᠡ᠃ ᠪᠣᠣ ᠭᠠᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ | ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠯᠲᠠ ᠬᠢᠵᠦ᠂ ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠯᠲᠠ | ᠬᠢᠪᠡ᠃ ᠨᠥᠬᠦᠳ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃ | ᠪᠣᠣ ᠭᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ | ᠪᠠᠶᠢᠴᠠᠭᠠᠨ ᠦᠵᠡᠵᠦ᠂ ᠴᠢᠭᠯᠡᠯ ᠢ ᠲᠣᠳᠣᠷᠬᠠᠶᠢᠯᠠᠵᠤ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠢ ᠴᠢᠩᠭᠠᠳᠬᠠᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ | ᠬᠦᠷᠴᠡᠢ᠃ ᠪᠢᠳᠡ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ | ᠪᠦᠲᠦᠭᠡᠯ ᠢ ᠦᠨᠡᠨ ᠬᠦ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠪᠣᠣ ᠭᠠᠩ ᠬᠡᠯᠡᠬᠦ ᠳᠡᠭᠡᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ | ᠤᠯᠤᠰ ᠲᠦᠷᠦ ᠶᠢᠨ ᠴᠢᠭᠯᠡᠯ ᠢᠶᠠᠨ ᠡᠷᠡᠰ ᠪᠠᠷᠢᠮᠲᠠᠯᠠᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ | ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ | ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠭᠦᠨᠵᠡᠭᠡᠶᠢᠷᠡᠭᠦᠯᠬᠦ ᠬᠡᠷᠡᠭᠲᠡᠢ᠃ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ | ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠶᠢ ᠶᠡᠬᠡᠪᠡᠷ | ᠠᠳᠬᠤᠨ᠂ ᠶᠡᠭᠡ ᠲᠠᠯ᠎ᠠ ᠳᠤ ᠦᠢᠯᠡᠴᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭ᠎ᠠ ᠡᠭᠦᠷᠭᠡᠯᠡᠯ ᠢᠶᠠᠨ ᠦᠷᠭᠦᠯᠵᠢᠯᠡᠨ | ᠴᠢᠩᠭᠠᠳᠬᠠᠵᠤ᠂ ᠣᠷᠣᠨ ᠤ ᠲᠥᠪ ᠬᠤᠲᠠ ᠶᠢᠨ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ ᠭᠤᠣᠯ ᠡᠭᠦᠷᠭᠡ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ | ᠦᠵᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠲᠠᠯ᠎ᠠ ᠪᠠᠷ ᠰᠠᠶᠢᠲᠤᠷ ᠳᠠᠭᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ | ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠦᠨᠡᠨ ᠠᠳᠬᠤᠨ ᠪᠣᠳᠠᠲᠠᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠷᠣᠨ ᠤ ᠲᠥᠪ ᠬᠤᠲᠠ ᠳᠤ ᠨᠠᠷᠢᠯᠢᠭ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠡᠢ᠃ | ᠼᠦᠢ ᠵᠧᠨ ᠡᠦ᠂ ᠦ᠋ ᠸᠧᠨ ᠮᠢᠩ ᠬᠤᠷᠠᠯ ᠳᠤ ᠰᠤᠯᠠ ᠣᠷᠣᠯᠴᠠᠪᠠ᠃ | |