ᠬᠥᠬᠡᠬᠤᠲᠠ ᠶᠢᠨ ᠠᠩᠬᠠᠳᠠᠭᠴᠢ ᠳᠤᠮᠳᠠᠳᠤ ᠧᠦ᠋ᠷᠣᠫᠠ ᠶᠢᠨ ᠪᠤᠴᠠᠬᠤ ᠵᠢᠰᠢᠶᠠᠨ ᠤ ᠭᠠᠯᠲᠤ ᠲᠡᠷᠭᠡᠨ ᠤ ᠭᠠᠶᠢᠯᠢ ᠪᠠᠲᠤᠯᠠᠵᠤ ᠪᠣᠯᠪᠠᠰᠤᠷᠠᠭᠤᠯᠬᠤ ᠠᠵᠢᠯ ᠢ ᠠᠮᠵᠢᠯᠲᠠ ᠲᠠᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2025/1/23
      ︵ᠰᠤᠷᠪᠤᠯᠵᠢᠯᠠᠭᠴᠢ ᠶᠦᠨ ᠶᠠᠨ ᠹᠠᠩ︶ 1 ᠳ᠋ᠦ᠋ᠭᠡᠷ ᠰᠠᠷ᠎ᠠ ᠶᠢᠨ 22 ᠤ ᠡᠳᠦᠷ᠂ ᠣᠷᠣᠰ ᠠᠴᠠ 50 ᠴᠢᠩᠭᠡᠯᠢᠭ ᠮᠠᠭᠠᠵᠢ ᠶᠢᠨ ᠦᠷ᠎ᠡ ᠲᠡᠭᠡᠭᠡᠭᠰᠡᠨ ᠳᠤᠮᠳᠠᠳᠤ ᠧᠦ᠋ᠷᠣᠫᠠ ᠶᠢᠨ ᠪᠤᠴᠠᠬᠤ ᠵᠢᠰᠢᠶᠠᠨ ᠤ ᠭᠠᠯᠲᠤ ᠲᠡᠷᠭᠡ ᠬᠥᠬᠡᠬᠤᠲᠠ ᠶᠢᠨ ᠲᠢᠶᠧ ᠲᠦᠩ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠠᠢ ᠭᠧ ᠮᠦ ᠥᠷᠲᠡᠭᠡᠨ ᠳᠤ ᠬᠦᠷᠴᠦ᠂ ᠳᠠᠷᠠᠭ᠎ᠠ ᠨᠢ ᠬᠥᠬᠡᠬᠤᠲᠠ ᠶᠢᠨ ᠶᠡᠷᠦᠩᠬᠡᠢᠯᠡᠭᠰᠡᠨ ᠭᠠᠶᠢᠯᠢ ᠪᠠᠲᠤᠯᠠᠬᠤ ᠣᠷᠣᠨ ᠤ ᠥᠪᠥᠷ ᠮᠣᠩᠭᠤᠯ ᠤᠨ ᠴᠧᠨ ᠭᠤᠸᠠᠩ ᠠᠮᠤ ᠲᠣᠰᠣᠨ ᠤ ᠬᠢᠵᠠᠭᠠᠷᠲᠤ ᠺᠣᠮᠫᠠᠨᠢ ᠳᠤ ᠣᠷᠣᠵᠤ᠂ ᠬᠥᠬᠡᠬᠤᠲᠠ ᠶᠢᠨ ᠠᠩᠬᠠᠳᠠᠭᠴᠢ ᠳᠤᠮᠳᠠᠳᠤ ᠧᠦ᠋ᠷᠣᠫᠠ ᠶᠢᠨ ᠪᠤᠴᠠᠬᠤ ᠵᠢᠰᠢᠶᠠᠨ ᠤ ᠭᠠᠯᠲᠤ ᠲᠡᠷᠭᠡᠨ ᠤ ᠭᠠᠶᠢᠯᠢ ᠪᠠᠲᠤᠯᠠᠵᠤ ᠪᠣᠯᠪᠠᠰᠤᠷᠠᠭᠤᠯᠬᠤ ᠠᠵᠢᠯ ᠢ ᠠᠮᠵᠢᠯᠲᠠ ᠲᠠᠢ ᠨᠠᠶᠢᠳᠠᠪᠤᠷᠢᠵᠢᠭᠤᠯᠵᠠᠢ᠂ ᠬᠥᠬᠡᠬᠤᠲᠠ ᠶᠢᠨ ᠶᠡᠷᠦᠩᠬᠡᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠶᠢᠯᠢ ᠪᠠᠲᠤᠯᠠᠵᠤ ᠪᠣᠯᠪᠠᠰᠤᠷᠠᠭᠤᠯᠬᠤ ᠳᠠᠪᠠᠭᠤᠯᠢᠭ ᠬᠢᠭᠡᠳ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠥᠨᠳᠥᠷ ᠪᠦᠲᠦᠮᠵᠢᠲᠡᠢ ᠵᠥᠭᠡᠭᠡᠪᠦᠷᠢᠯᠡᠬᠦ ᠴᠢᠳᠠᠪᠤᠷᠢ ᠶᠢ ᠲᠡᠭᠦᠰ ᠤᠶᠠᠯᠳᠤᠭᠤᠯᠬᠤ ᠶᠢ ᠬᠦᠴᠦᠲᠡᠢ ᠠᠬᠢᠭᠤᠯᠵᠤ᠂ ︽ᠬᠤᠶᠠᠷ ᠲᠠᠯ᠎ᠠ ᠪᠠᠷ ᠢᠶᠠᠨ ᠢᠷᠡᠵᠦ ᠶᠠᠪᠤᠬᠤ᠂ ᠬᠠᠷᠢᠯᠴᠠᠨ ᠬᠤᠯᠪᠣᠭᠠᠯᠠᠨ ᠨᠡᠪᠲᠡᠷᠡᠯᠴᠡᠬᠦ᠂ ᠠᠵᠤ ᠦᠢᠯᠡᠰ ᠬᠠᠮᠲᠤᠷᠠᠨ ᠬᠥᠳᠡᠯᠦᠯᠴᠡᠬᠦ︾ ᠳᠤᠮᠳᠠᠳᠤ ᠧᠦ᠋ᠷᠣᠫᠠ ᠶᠢᠨ ᠠᠵᠤ ᠠᠬᠤᠢ ᠶᠢᠨ ᠬᠤᠩᠭᠢᠯ ᠢ ᠪᠠᠶᠢᠭᠤᠯᠬᠤ ᠪᠣᠯᠤᠨ᠎ᠠ᠃      ᠣᠶᠢᠯᠠᠭᠠᠭᠰᠠᠨ ᠢᠶᠠᠷ᠂ ᠲᠣᠰ ᠵᠢᠰᠢᠶᠠᠨ ᠤ ᠭᠠᠯᠲᠤ ᠲᠡᠷᠭᠡ ᠨᠢ ᠣᠷᠣᠰ ᠤᠨ ᠰᠢᠨ᠎ᠡ ᠰᠢᠪᠧᠷᠢᠶ᠎ᠠ ᠠᠴᠠ ᠵᠥᠭᠡᠭᠡᠪᠦᠷᠢᠯᠡᠵᠦ᠂ ᠺᠠᠽᠠᠭᠰᠲ᠋ᠠᠨ ᠤ ᠪᠣᠭᠤᠮᠲᠠ ᠪᠠᠷ ᠥᠩᠭᠡᠷᠡᠵᠦ᠂ ᠪᠦᠬᠦ ᠶᠠᠪᠤᠴᠠ ᠨᠢ 4661 ᠺᠢᠯᠣᠮᠧᠲᠷ᠂ ᠶᠡᠷᠦᠩᠬᠡᠢ ᠪᠠᠷᠠᠭᠠᠨ ᠤ ᠥᠷᠲᠡᠭ ᠨᠢ 540 ᠭᠠᠷᠤᠢ ᠲᠦᠮᠡᠨ ᠲᠥᠭᠦᠷᠢᠭ ᠬᠦᠷᠴᠦ᠂ 20 ᠡᠳᠦᠷ ᠤᠨ ᠳᠣᠲᠣᠷ᠎ᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠦᠷᠴᠦ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠳᠤ ᠨᠢᠭᠡ ᠵᠦᠢᠯ ᠤᠨ ᠴᠤ᠋ ᠰᠢᠨ᠎ᠡ ︽ᠡᠭᠦᠳᠡ ᠬᠤᠯᠪᠣᠭᠰᠠᠨ︾ ᠤᠯᠠᠨ ᠤᠯᠤᠰ ᠤᠨ ᠲᠡᠭᠡᠭᠡᠪᠦᠷᠢ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠶᠢ ᠬᠠᠩᠭᠠᠭᠰᠠᠨ ᠪᠠᠶᠢᠨ᠎ᠠ᠃      ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠪᠤᠴᠠᠬᠤ ᠵᠠᠮ᠂ ᠪᠤᠴᠠᠬᠤ ᠡᠭᠡᠯᠵᠢ ᠶᠢᠨ ᠵᠢᠰᠢᠶᠠᠨ ᠤ ᠭᠠᠯᠲᠤ ᠲᠡᠷᠭᠡ ᠶᠢᠨ ᠬᠤᠣᠰ ᠴᠢᠭᠯᠡᠯᠲᠦ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2024 ᠣᠨ ᠠᠴᠠ ᠨᠠᠭᠠᠰᠢ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠧᠦ᠋ᠷᠣᠫᠠ ᠲᠢᠪ ᠪᠣᠯᠤᠨ ᠳᠤᠮᠳᠠᠳᠤ ᠠᠽᠢᠶ᠎ᠠ ᠶᠢᠨ ᠭᠠᠵᠠᠷ ᠣᠷᠣᠨ ᠤ ᠵᠠᠬ᠎ᠠ ᠳᠡᠯᠭᠡᠭᠦᠷ ᠢ ᠭᠦᠨᠵᠡᠭᠡᠢ ᠨᠡᠭᠡᠭᠡᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠦᠷᠭᠦᠯᠵᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠲᠣᠭᠤᠷᠢᠨ ᠪᠣᠯᠤᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠲᠥᠰᠦᠯ ᠢ ᠰᠢᠯᠢᠳᠡᠭᠵᠢᠭᠦᠯᠵᠦ᠂ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠰᠢᠯᠤᠭᠤᠳᠬᠠᠵᠤ᠂ ᠬᠦᠷᠭᠡᠬᠦ᠂ ᠠᠴᠢᠶᠠᠯᠠᠵᠤ ᠪᠠᠭᠤᠯᠭᠠᠬᠤ᠂ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠬᠦᠴᠦᠨ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ  ᠬᠠᠮᠲᠤ ᠪᠠᠷ ᠡᠳ᠋ᠯᠡᠵᠦ᠂ ᠲᠡᠷᠭᠡ ᠬᠥᠰᠬᠡ᠂ ᠵᠠᠮ ᠱᠤᠭᠤᠮ᠂ ᠬᠥᠮᠥᠰ ᠤᠨ ᠪᠡᠯᠡᠳᠬᠡᠯ ᠢ ᠤᠷᠢᠳᠴᠢᠯᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠷᠠᠭᠠᠨ ᠤ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠤᠴᠠᠬᠤ ᠡᠭᠡᠯᠵᠢ ᠶᠢᠨ ᠭᠠᠯᠲᠤ ᠲᠡᠷᠭᠡ ᠶᠢ ᠨᠡᠮᠡᠨ ᠨᠡᠭᠡᠭᠡᠵᠦ᠂ ᠤᠯᠠᠨ ᠤᠯᠤᠰ ᠤᠨ ᠵᠢᠰᠢᠶᠠᠨ ᠤ ᠭᠠᠯᠲᠤ ᠲᠡᠷᠭᠡ ᠶᠢ ᠥᠨᠳᠥᠷ ᠪᠦᠲᠦᠮᠵᠢᠲᠡᠢ ᠪᠠᠷ ᠵᠥᠭᠡᠭᠡᠪᠦᠷᠢᠯᠡᠬᠦ ᠶᠢ ᠪᠠᠲᠤᠯᠠᠪᠠ᠃ 2024 ᠣᠨ ᠳᠤ᠂ ᠭᠠᠶᠢᠯᠢ ᠪᠠᠲᠤᠯᠠᠬᠤ ᠣᠷᠣᠨ ᠨᠢ ᠳᠤᠮᠳᠠᠳᠤ ᠧᠦ᠋ᠷᠣᠫᠠ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠠᠵᠢᠯᠯᠠᠭᠠᠨ ᠤ ᠶᠠᠰᠤ ᠴᠢᠨᠠᠷ ᠦᠷ᠎ᠡ ᠠᠰᠢᠭ᠂ ᠵᠠᠩᠭᠢᠯᠠᠭ᠎ᠠ ᠶᠢᠨ ᠴᠢᠳᠠᠮᠵᠢ᠂ ᠨᠡᠪᠲᠡᠷᠡᠬᠦ ᠵᠠᠮ ᠰᠦᠯᠵᠢᠶ᠎ᠡ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠠᠯᠢ ᠣᠯᠠᠨ ᠦᠷ᠎ᠡ ᠪᠦᠲᠦᠭᠡᠯ ᠣᠯᠵᠤ᠂ ᠳᠤᠮᠳᠠᠳᠤ ᠧᠦ᠋ᠷᠣᠫᠠ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠠᠵᠢᠯ ᠳᠤ ᠨᠡᠶᠢᠲᠡ 49 ᠴᠤᠪᠤᠭ᠎ᠠ ᠲᠡᠷᠭᠡ ᠬᠦᠷᠴᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠲᠤᠭ᠎ᠠ ᠶᠢ 7.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠲᠣᠰ ᠤᠳᠠᠭᠠᠨ ᠤ ᠳᠤᠮᠳᠠᠳᠤ ᠧᠦ᠋ᠷᠣᠫᠠ ᠶᠢᠨ ᠪᠤᠴᠠᠬᠤ ᠵᠢᠰᠢᠶᠠᠨ ᠤ ᠭᠠᠯᠲᠤ ᠲᠡᠷᠭᠡ ᠶᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠨᠢ ᠣᠷᠣᠨ ᠤ ᠲᠥᠪ ᠬᠤᠲᠠ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠳᠤ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠬᠦ᠂ ᠠᠷᠪᠢᠲᠠᠶ ᠪᠥᠭᠡᠳ ᠥᠨᠳᠥᠷ ᠪᠦᠲᠦᠮᠵᠢᠲᠡᠶ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠢ ᠠᠪᠴᠢᠷᠠᠵᠤ᠂ ᠨᠠᠩ ᠣᠯᠠᠨ ᠠᠵᠤ ᠦᠢᠯᠡᠰ ᠤᠨ ᠲᠠᠰ ᠳᠡᠪᠰᠢᠬᠦ ᠶᠢ ᠪᠦᠲᠦᠮᠵᠢᠲᠡᠶ ᠳᠠᠶᠢᠴᠢᠯᠠᠬᠤ ᠪᠣᠯᠤᠨ᠎ᠠ᠃      ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠦᠷᠭᠦᠯᠵᠢᠯᠡᠨ ᠬᠥᠬᠡᠬᠤᠲᠠ ᠶᠢᠨ ᠤᠯᠠᠨ ᠤᠯᠤᠰ ᠤᠨ ᠬᠠᠭᠤᠷᠠᠢ ᠭᠠᠷᠠᠮ ᠤᠨ ᠳᠤᠮᠳᠠᠳᠤ ᠧᠦ᠋ᠷᠣᠫᠠ᠂ ᠳᠤᠮᠳᠠᠳᠤ ᠠᠽᠢᠶ᠎ᠠ ᠶᠢᠨ ᠭᠠᠯᠲᠤ ᠲᠡᠷᠭᠡᠨ ᠤ ᠲᠦᠷᠦᠯ ᠲᠡᠮᠳᠡᠭ ᠢ ᠪᠠᠶᠢᠭᠤᠯᠬᠤ ᠶᠢᠨ ᠲᠣᠭᠤᠷᠢᠨ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠦᠢᠯᠡᠴᠢᠯᠡᠭᠡᠨ ᠤ ᠳᠠᠭᠠᠭᠠᠴᠠ ᠶᠢ ᠲᠦᠷᠭᠡᠨ ᠳᠡᠭᠡᠭᠰᠢᠯᠡᠭᠦᠯᠵᠦ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠵᠣᠬᠢᠴᠠᠭᠰᠠᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠰᠢᠰᠲ᠋ᠧᠮᠵᠢ ᠶᠢ ᠲᠦᠷᠭᠡᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠮᠠᠨ ᠤ ᠬᠤᠳᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ