ᠬᠥᠬᠡᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/23
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠶᠡᠭᠡ ᠪᠠᠢᠴᠠᠭᠠᠯᠲᠠ ᠥᠷᠨᠢᠭᠦᠯᠵᠦ᠂ ᠰᠢᠦᠳᠠᠨ ᠤ ᠲᠦᠷᠭᠡᠨ ᠬᠦᠷᠭᠡᠬᠦ ᠦᠢᠯᠡᠰ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠣᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠦᠳᠠᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠳᠤ᠂ ᠠᠵᠤ ᠠᠬᠤᠶᠢᠯᠠᠯ ᠢ ᠭᠤᠣᠯᠳᠠᠯᠭ᠎ᠠ ᠲᠠᠢ ᠰᠢᠮᠳᠠᠭᠤᠯᠵᠤ ᠪᠠᠶᠢᠭᠠᠳ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠳᠠᠬᠢᠨ ᠵᠢᠭᠰᠠᠭᠠᠨ ᠪᠠᠶᠢᠴᠠᠭᠠᠵᠤ ᠳᠠᠬᠢᠨ ᠴᠡᠭᠴᠡᠯᠡᠨ ᠵᠠᠰᠠᠵᠤ᠂ ᠬᠤᠷᠢᠶᠠᠨ ᠢᠯᠡᠭᠡᠬᠦ ᠰᠢᠯᠭᠠᠨ ᠦᠵᠡᠬᠦ ᠪᠣᠭᠤᠮᠲᠠ ᠶᠢ ᠰᠠᠶᠢᠲᠤᠷ ᠠᠳᠬᠤᠵᠤ᠂ ᠦᠨᠡᠨ ᠨᠡᠷ᠎ᠡ ᠪᠠᠷ ᠬᠤᠷᠢᠶᠠᠨ ᠢᠯᠡᠭᠡᠬᠦ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠮᠠᠰᠢᠨ ᠢᠶᠠᠷ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠪᠠ᠃ ᠰᠢᠤᠳᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ ᠲᠤᠭᠤᠰᠢᠯᠠᠭᠤᠯᠵᠤ᠂ ᠡᠯ᠎ᠡ ᠠᠵᠤ ᠠᠬᠤᠶᠢᠯᠠᠯ ᠢ ᠱᠠᠭᠠᠷᠳᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠮᠢᠶ᠎ᠠ ᠪᠦᠬᠦᠢ ᠪᠠᠷᠢᠮᠵᠢᠶ᠎ᠠ ᠲᠠᠢ ᠬᠠᠷᠢᠴᠠᠭᠤᠯᠤᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠬᠦᠨᠳᠦ ᠶᠡᠭᠡ ᠠᠳᠡᠯ ᠤᠨ ᠳᠠᠯᠳᠠ ᠭᠡᠮ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ