ᠬᠥᠬᠡᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠲᠤᠬᠠᠶ ᠶᠢᠨ ᠲᠠᠯᠠᠪᠤᠷ ᠳᠤ ᠬᠤᠣᠰ ᠤᠶᠠᠩᠭ᠎ᠠ ᠪᠢᠴᠢᠬᠦ ᠵᠢᠴᠢ ᠬᠦᠷᠭᠡᠬᠦ ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/1/23
      1 ᠳ᠋ᠦ᠋ᠭᠡᠷ ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠬᠥᠬᠡᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ᠴᠢᠩ ᠱᠦᠢ ᠾᠧ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ︾ ᠭᠡᠬᠦ ᠲᠤᠬᠠᠢ ᠶᠢᠨ ᠲᠠᠯᠠᠪᠠᠢ ᠳᠤ ᠬᠤᠣᠰ ᠤᠶᠠᠩᠭ᠎ᠠ ᠪᠢᠴᠢᠬᠦ ᠵᠢᠴᠢ ᠡᠪᠦᠯ ᠤᠨ ᠠᠮᠠᠷᠠᠯᠲᠠ ᠳᠤ ᠬᠠᠮᠲᠤ ᠪᠠᠷ ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠥᠷᠨᠢᠭᠦᠯᠪᠡ᠃      ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ︽ᠬᠤᠪᠢᠰᠬᠠᠯᠲᠤ ᠤᠳᠤᠮᠰᠢᠯ ᠤᠨ ᠢᠨᠵᠧᠨᠧᠷᠢᠩ︾ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠲᠥᠪ᠂ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ︽ᠲᠠᠪᠤᠨ ᠠᠬᠠᠮᠠᠳ︾ ᠬᠢᠭᠡᠳ ᠰᠠᠭᠤᠷᠢᠨ ᠭᠠᠵᠠᠷ ᠤᠨ ᠨᠠᠷᠠᠲᠤ ᠲᠡᠮᠳᠡᠭ ᠤᠨ ᠬᠡᠯᠲᠡᠰ ᠤᠨ ᠬᠠᠷᠢᠭᠤᠴᠠᠯᠭᠠᠲᠠᠨ ᠲᠤᠬᠠᠶ ᠶᠢᠨ ᠲᠠᠯᠠᠪᠠᠶ ᠳᠤ ᠬᠡᠤᠬᠡᠳ ᠤᠳ ᠢ ᠬᠠᠪᠰᠤᠷᠤᠨ ᠵᠢᠯᠣᠭᠤᠳᠴᠤ᠂ ᠬᠡᠤᠬᠡᠳ ᠤᠳ ᠲᠤ ᠤᠯᠠᠮᠵᠢᠯᠠᠯᠲᠤ ᠤᠷᠠᠨ ᠪᠢᠴᠢᠯᠭᠡ ᠤᠷᠠᠨ ᠵᠢᠷᠤᠭ ᠤᠨ ᠭᠤᠸ᠎ᠠ ᠰᠠᠶᠢᠬᠠᠨ ᠢ ᠮᠡᠳᠡᠷᠡᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠶᠠᠷ ᠪᠠᠶᠠᠰᠤᠯ᠂ ᠬᠥᠷ ᠨᠠᠷᠭᠢᠶᠠᠨ ᠪᠢᠯᠬᠠᠵᠤ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢ ᠠᠩᠬᠠᠷᠬᠤ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠦᠷᠭᠦᠯᠵᠢᠯᠡᠨ ᠣᠭ ᠰᠠᠨᠠᠭ᠎ᠠ ᠪᠠᠨ ᠪᠠᠷᠢᠮᠲᠠᠯᠠᠵᠤ᠂ ᠰᠢᠨ᠎ᠡ ᠨᠢᠭᠡ ᠵᠢᠯ ᠳᠤ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠤᠨ᠎ᠠ᠃ ︵ᡁᠢ ᠰᠢᠨ  ᠳ᠋ᠠᠢ ᠵᠢᠶᠠ ᠪᠤᠤ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ