︵ᠰᠤᠷᠪᠤᠯᠵᠢᠯᠠᠭᠴᠢ ᠰᠦᠩ ᠰᠢᠶᠠᠩ ᠬᠤᠸᠠ︶ 2024 ᠣᠨ ᠳᠤ᠂ ᠬᠥᠬᠡᠬᠤᠲᠠ ᠶᠢᠨ ᠰᠢᠤᠳᠠᠨ ᠤ ᠠᠵᠢᠯ ᠲᠥᠷᠥᠯ ᠤᠨ ᠢᠯᠡᠭᠡᠨ ᠬᠦᠷᠭᠡᠬᠦ | ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 2.36 ᠳ᠋ᠦᠩᠰᠢᠭᠤᠷ ᠬᠤᠪᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.23 % ᠪᠠᠷ | ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 1.64 ᠳ᠋ᠦᠩᠰᠢᠭᠤᠷ ᠬᠤᠪᠢ ᠶᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 35.10% ᠪᠠᠷ ᠨᠡᠮᠡᠭᠳᠡᠪᠡ᠃ | 2024 ᠣᠨ ᠳᠤ᠂ ᠬᠥᠬᠡᠬᠤᠲᠠ ᠶᠢᠨ ᠬᠤᠲᠠ ᠶᠢᠨ ᠲᠤᠲᠤᠷ᠎ᠠ᠂ ᠣᠨᠳᠣᠣ ᠭᠠᠵᠠᠷ᠂ ᠣᠯᠠᠨ ᠤᠯᠤᠰ / ᠰᠢᠶᠠᠩᠭᠠᠩ ᠣᠣᠮᠧᠨ ᠲᠠᠶᠢᠸᠠᠨ ᠤ ᠲᠦᠷᠭᠡᠨ | ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ ᠲᠣᠰ ᠲᠣᠰ ᠪᠥᠬᠦ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶᠡᠨ ᠤ | 12.08%᠂ 87.23% ᠪᠠ 0.69% ᠶᠢ ᠡᠵᠡᠯᠡᠪᠡ᠃ ᠡᠭᠦᠨ ᠳᠤ᠂ ᠬᠤᠲᠠ ᠶᠢᠨ ᠳᠤᠲᠤᠷᠠᠬᠢ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ | ᠬᠡᠮᠵᠢᠶ᠎ᠡ ᠨᠡᠶᠢᠲᠡ 1981.47 ᠲᠦᠮᠡᠨ ᠬᠤᠪᠢ ᠶᠢ ᠪᠡᠶᠡᠯᠡᠭᠦᠯᠵᠦ᠂ ᠣᠨᠳᠣᠤ ᠭᠠᠵᠠᠷ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ | ᠨᠡᠶᠢᠲᠡ 1.43 ᠳ᠋ᠦᠩᠰᠢᠭᠤᠷ ᠬᠤᠪᠢ ᠶᠢ ᠪᠡᠶᠡᠯᠡᠭᠦᠯᠵᠦ᠂ ᠣᠯᠠᠨ ᠤᠯᠤᠰ / ᠰᠢᠶᠠᠩᠭᠠᠩ ᠣᠣᠮᠧᠨ ᠲᠠᠶᠢᠸᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ | ᠠᠵᠢᠯ ᠤᠨ ᠬᠡᠮᠵᠢᠶ᠎ᠡ ᠨᠡᠶᠢᠲᠡ 113.81 ᠲᠦᠮᠡᠨ ᠬᠤᠪᠢ ᠶᠢ ᠪᠡᠶᠡᠯᠡᠭᠦᠯᠪᠡ᠃ | 2024 ᠣᠨ ᠳᠤ᠂ ᠬᠥᠬᠡᠬᠤᠲᠠ ᠶᠢᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ | ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠶᠢ ᠪᠠᠭᠲᠠᠭᠠᠬᠤ ᠥᠬᠡᠶ︶ ᠨᠡᠶᠢᠲᠡ 26.90 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 8.79% ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ 21.16 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.28% ᠪᠠᠷ ᠨᠡᠮᠡᠭᠳᠡᠵᠡᠢ᠃ |