︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠷᠧᠨ ᠷᠦᠢ︶ ᠣᠶᠢᠷ᠎ᠠ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | 2025 ᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠬᠤᠷᠠᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠤᠨ ᠲᠠᠩᠰᠠ | ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠳᠤ ᠭᠠᠷᠬᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠲᠣᠰ ᠱᠠᠲᠤᠨ ᠤ | ᠬᠤᠳᠠᠯᠳᠤᠨ ᠠᠪᠤᠭᠴᠢ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠢ ᠪᠥᠬᠦ | ᠲᠠᠯ᠎ᠠ ᠪᠠᠷ ᠠᠵᠢᠯᠯᠠᠭᠤᠯᠤᠭᠰᠠᠨ ᠨᠢ᠂ ᠬᠥᠬᠡᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠥᠬᠦ ᠶᠠᠪᠤᠴᠠ ᠶᠢᠨ ᠡᠯᠧᠺᠲᠷᠤᠨᠴᠢᠯᠠᠭᠰᠠᠨᠬᠡᠷᠡᠭᠯᠡᠭᠡᠨ ᠤ | ᠠᠬᠤᠢ ᠪᠠᠶᠢᠳᠠᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠠᠩᠰᠠ ᠡᠪᠬᠡᠮᠡᠯ ᠤᠨ ᠬᠠᠮᠢᠶᠠᠷᠤᠯᠲᠠ ᠪᠣᠯ ᠬᠤᠳᠠᠯᠳᠤᠨ ᠠᠪᠬᠤ ᠠᠮᠢ ᠨᠠᠰᠤᠨ ᠤ | ᠪᠥᠬᠦ ᠦᠶᠡᠯᠡᠯ ᠤᠨ ᠬᠤᠭᠤᠴᠠᠭᠠᠨ ᠤ ᠴᠢᠬᠤᠯᠠ ᠨᠢᠭᠡ ᠭᠤᠭᠴᠤᠭ᠎ᠠ ᠪᠠᠶᠢᠵᠤ᠂ ᠰᠦᠯᠵᠢᠶᠡᠨ ᠳᠤ ᠣᠷᠣᠭᠤᠯᠤᠨ ᠠᠵᠢᠯᠯᠠᠬᠤ ᠵᠠᠰᠠᠭ ᠤᠨ ᠣᠷᠳᠣᠨ ᠤ | ᠬᠤᠳᠠᠯᠳᠤᠨ ᠠᠪᠬᠤ ᠡᠯᠧᠺᠲᠷᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠤᠨ 8 ᠲᠠᠯ᠎ᠠ ᠶᠢᠨ 56 ᠲᠥᠷᠥᠯ ᠤᠨ ᠪᠢᠴᠢᠭ ᠮᠠᠲ᠋ᠧᠷᠢᠶᠠᠯ ᠤᠨ ᠲᠤᠭ᠎ᠠ ᠪᠠᠷᠢᠮᠲᠠ ᠶᠢ | ᠴᠤᠭᠯᠠᠭᠤᠯᠬᠤ ᠪᠠᠷ ᠳᠠᠮᠵᠢᠭᠤᠯᠤᠨ᠂ ᠲᠦᠷᠦᠯ ᠵᠦᠢᠯ᠂ ᠭᠤᠭᠴᠤᠭ᠎ᠠ ᠪᠠᠷ ᠴᠤᠭᠯᠠᠭᠤᠯᠤᠨ ᠡᠮᠬᠢᠳᠭᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ᠂ ᠨᠢᠭᠤᠴᠠᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠪᠠᠶᠢᠴᠠᠭᠠᠨ ᠦᠵᠡᠬᠦ ᠵᠢᠴᠢ ᠤᠰᠠᠳᠬᠠᠬᠤ ᠵᠡᠷᠭᠡ | ᠴᠢᠳᠠᠮᠵᠢ ᠶᠢ ᠪᠡᠶᠡᠯᠡᠭᠦᠯᠵᠦ᠂ ᠬᠤᠳᠠᠯᠳᠤᠨ ᠠᠪᠤᠭᠴᠢ ᠶᠢᠨ ᠲᠠᠩᠰᠠ ᠡᠪᠬᠡᠮᠡᠯ ᠢ ᠴᠤᠭᠯᠠᠭᠤᠯᠤᠨ ᠡᠪᠬᠡᠮᠡᠯ ᠳᠤ ᠣᠷᠣᠭᠤᠯᠬᠤ ᠥᠪᠡᠷ ᠤᠨ ᠥᠷᠲᠡᠭ ᠥᠨᠳᠥᠷ᠂ | ᠠᠯᠬᠤᠮ ᠳᠠᠷᠠᠭ᠎ᠠ ᠣᠯᠠᠨ᠂ ᠬᠠᠳᠠᠭᠠᠯᠠᠮᠵᠢ ᠲᠠᠷᠠᠬᠠᠢ᠂ ᠪᠠᠶᠢᠴᠠᠭᠠᠨ ᠦᠵᠡᠬᠦ ᠳᠤ ᠤᠳᠠᠭᠠᠨ᠂ ᠪᠦᠷᠢᠨ ᠪᠤᠰᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ | ᠬᠥᠬᠡᠬᠤᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ | ᠬᠤᠳᠠᠯᠳᠤᠨ ᠠᠪᠬᠤ ︽ᠪᠥᠬᠦ ᠣᠷᠣᠨ ᠤ ᠨᠢᠭᠡ ᠰᠦᠯᠵᠢᠶ᠎ᠡ︾ ᠶᠢᠨ ᠪᠥᠬᠦ ᠭᠤᠤᠯ ᠴᠣᠭᠴᠠ᠂ ᠪᠥᠬᠦ ᠲᠤᠬᠠᠶᠢᠯᠠᠭᠰᠠᠨ ᠠᠵᠢᠯ᠂ ᠪᠥᠬᠦ ᠶᠠᠪᠤᠴᠠ᠂ ᠪᠥᠬᠦ | ᠲᠠᠯ᠎ᠠ ᠶᠢᠨ ᠡᠯᠧᠺᠲᠷᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠡᠢ᠃ |