ᠪᠣᠣ ᠭᠠᠩ ᠬᠤᠷᠠᠯ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ | ᠵᠢᠭᠠᠪᠤᠷᠢ ᠱᠠᠭᠠᠷᠳᠠᠯᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ | ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ 2025 ᠣᠨ ᠤ ᠰᠢᠨ᠎ᠡ ᠵᠢᠯ ᠤᠨ ᠪᠠᠶᠠᠷ ᠤᠨ ᠦᠭᠡ ᠵᠢᠴᠢ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ | ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠭᠦᠨᠵᠡᠭᠡᠢ ᠰᠤᠷᠤᠯᠴᠠᠵᠤ᠂ ᠣᠷᠣᠨ ᠤ ᠲᠥᠪ ᠬᠤᠲᠠ ᠶᠢᠨ | ᠪᠣᠳᠠᠲᠠᠢ ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠠᠵᠢᠯᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠤᠳᠠ ᠶᠢᠨ ᠡᠯ᠎ᠡ ᠵᠦᠢᠯ ᠤᠨ ᠠᠵᠢᠯ ᠤᠨ ᠲᠡᠷᠢᠭᠦᠨ ᠡᠩᠨᠡᠭᠡᠨ ᠳᠤ ᠣᠷᠣᠬᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠷᠤᠨ ᠤ ᠲᠥᠪ ᠬᠤᠲᠠ ᠶᠢᠨ ᠬᠤᠪᠢ ᠨᠡᠮᠡᠷᠢ ᠶᠢ ᠦᠵᠡᠭᠦᠯᠬᠦ | ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠰᠦᠨ ᠱᠤᠤ ᠴᠧᠩ ᠱᠦᠵᠢ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ | ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠠᠶᠢᠲᠤᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠨᠢᠭᠡ ᠭᠤᠣᠯ ᠰᠢᠵᠢᠮ︾ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠣᠷᠣᠨ ᠤ ᠲᠥᠪ | ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠳᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ︽ᠵᠢᠷᠭᠤᠭᠠᠨ ᠠᠵᠢᠯᠯᠠᠭ᠎ᠠ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠦᠨᠡᠨ ᠬᠦ | ᠪᠦᠷᠢᠯᠳᠦᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠢᠯᠡᠭᠦᠬᠡᠨ ᠲᠦᠰᠢᠭᠯᠡᠵᠦ ᠠᠵᠤ ᠠᠬᠤᠢ ᠶᠢᠨ | ᠬᠥᠭᠵᠢᠯᠲᠡ᠂ ᠨᠡᠶᠢᠭᠡᠮ ᠤᠨ ᠵᠠᠰᠠᠯᠲᠠ ᠪᠠ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠦᠷᠢᠯᠳᠦᠭᠦᠯᠬᠦ ᠶᠢᠨ ᠲᠣᠭᠤᠷᠢᠨ ᠳᠤ᠂ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ ᠵᠡᠷᠭᠡ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠤᠨ ᠲᠤᠭ᠎ᠠ ᠶᠢ ᠥᠪᠥᠷ ᠮᠣᠩᠭᠤᠯ ᠳᠤ ᠪᠤᠳᠤᠬᠤ ᠶᠢ ᠶᠡᠭᠡ ᠪᠠᠷ | ᠠᠬᠢᠭᠤᠯᠵᠤ᠂ ᠲᠠᠭᠠᠭᠤᠯᠬᠤ ᠴᠢᠨᠠᠷᠲᠠᠶ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠡᠶᠢᠯᠡᠯᠳᠦᠬᠦ ᠬᠡᠮᠵᠢᠶ᠎ᠡ ᠶᠢ ᠨᠡᠮᠡᠭᠳᠡᠭᠦᠯᠵᠦ᠂ ᠪᠤᠳᠤᠯᠭ᠎ᠠ ᠶᠢᠨ ᠬᠦᠴᠦᠨ ᠤ ᠠᠵᠤ | ᠦᠢᠯᠡᠰ ᠤᠨ ᠠᠵᠤ ᠠᠬᠤᠶ ᠶᠢᠨ ᠨᠡᠮᠡᠭᠳᠡᠯ᠂ ᠡᠳ᠋ ᠤᠨ ᠵᠠᠰᠠᠭ ᠤᠨ ᠣᠷᠣᠯᠭ᠎ᠠ ᠪᠠ ᠣᠯᠠᠨ ᠲᠦᠮᠡᠨ ᠤ ᠠᠵᠢᠯ ᠣᠯᠭᠤᠯᠲᠠ ᠳᠤ ᠦᠵᠡᠭᠦᠯᠬᠦ ᠬᠤᠪᠢ ᠨᠡᠮᠡᠷᠢ ᠶᠢ ᠳᠡᠭᠡᠭᠰᠢᠯᠡᠭᠦᠯᠬᠦ | ᠬᠡᠷᠡᠭᠲᠡᠶ᠃ ᠬᠦᠷᠢᠶᠡᠯᠡᠩ ᠲᠣᠭᠤᠷᠢᠭ ᠤᠨ ᠣᠲᠣ ᠶᠢᠨ ᠬᠠᠮᠢᠶᠠᠷᠤᠯᠲᠠ ᠶᠢᠨ ᠵᠠᠭᠪᠤᠷ ᠢ ᠪᠠᠷᠢᠮᠲᠠᠯᠠᠨ ᠲᠡᠭᠦᠯᠳᠡᠷᠵᠢᠭᠦᠯᠵᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠴᠢᠷᠮᠠᠶᠢᠨ | ᠤᠯᠵᠤ ᠰᠠᠶᠢᠲᠤᠷ ᠬᠡᠷᠡᠭᠯᠡᠨ᠂ ᠬᠦᠷᠢᠶᠡᠯᠡᠩ ᠲᠣᠭᠤᠷᠢᠭ ᠤᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠮᠥ ᠪᠦᠷᠢ ᠶᠢᠨ | ᠳᠤᠮᠳᠠᠴᠢ ᠦᠢᠯᠡᠳᠬᠦᠨ ᠤ ᠥᠷᠲᠡᠭ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠶᠤᠨ ᠰᠠᠨᠠᠭᠠᠨ ᠤ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ | ᠭᠡᠵᠡᠢ᠃ | ᠬᠤᠷᠠᠯ ᠠᠴᠠ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠳᠠ ᠶᠢᠨ ᠬᠤᠶᠠᠷ ᠬᠤᠷᠠᠯ ᠳᠤ ᠳᠡᠪᠰᠢᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ | ᠲᠤᠬᠠᠢ ᠱᠠᠭᠠᠷᠳᠠᠯᠭ᠎ᠠ ᠳᠤᠷᠠᠳᠴᠠᠢ᠃ |