ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 44 ᠳ᠋ᠦ᠋ᠭᠡᠷ ᠤᠳᠠᠭᠠᠨ ᠤ ᠲᠡᠷᠢᠭᠦᠯᠡᠭᠴᠢ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/3
ᠼᠦᠢ ᠵᠧᠨ ᠦ᠋ ᠬᠤᠷᠠᠯ ᠡᠷᠬᠢᠯᠡᠪᠡ      ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠬᠤᠤ ᠰᠢᠤᠢ ᠵᠢᠶᠧ︶ 1 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 44 ᠳ᠋ᠦ᠋ᠭᠡᠷ ᠤᠳᠠᠭᠠᠨ ᠤ ᠲᠡᠷᠢᠭᠦᠯᠡᠭᠴᠢ ᠶᠢᠨ ︵ᠥᠷᠭᠡᠳᠬᠡᠭᠰᠡᠨ ︶ ᠬᠤᠷᠠᠯ ᠬᠤᠷᠠᠯᠳᠤᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠢ ᠡᠷᠭᠢᠯᠡᠪᠡ᠃      ᠬᠤᠷᠠᠯ ᠠᠴᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠳᠡᠪᠰᠢᠭᠦᠯᠬᠦ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠵᠢᠭᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠪᠠᠳᠠᠷᠠᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠣᠶᠤᠨ ᠴᠢᠳᠠᠯ ᠢᠶᠠᠨ ᠲᠥᠪᠯᠡᠷᠡᠭᠦᠯᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠢ ᠰᠠᠶᠢᠲᠤᠷ ᠪᠡᠯᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ