︵ᠰᠤᠷᠪᠤᠯᠵᠢᠯᠠᠭᠴᠢ ᠶᠦᠨ ᠶᠠᠨ ᠹᠠᠩ︶ 2024 ᠣᠨ ᠤ 12 ᠳ᠋ᠤᠭᠠᠷ ᠰᠠᠷ᠎ᠠ ᠶᠢᠨ 31 ᠤ ᠡᠳᠦᠷ᠂ 2024 ᠣᠨ ᠤ ᠬᠠᠮᠤᠭ ᠰᠡᠭᠦᠯᠴᠢ ᠶᠢᠨ ᠨᠢᠭᠡ | ᠡᠭᠡᠯᠵᠢ ᠶᠢᠨ ᠨᠢᠰᠬᠡᠯ ᠤᠨ ᠠᠮᠤᠷ ᠲᠦᠪᠰᠢᠨ ᠭᠠᠵᠠᠷᠳᠠᠬᠤ ᠶᠢ ᠳᠠᠭᠠᠯᠳᠤᠨ ᠬᠥᠬᠡᠬᠤᠲᠠ ᠶᠢᠨ ᠨᠢᠰᠬᠡᠯ ᠤᠨ ᠪᠠᠭᠤᠳᠠᠯ 2024 ᠣᠨ ᠤ ᠡᠭᠡᠯᠵᠢ ᠶᠢᠨ | ᠨᠢᠰᠬᠡᠯ ᠤᠨ ᠠᠵᠢᠯᠯᠠᠭᠠᠨ ᠤ ᠪᠠᠲᠤᠯᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠵᠢᠯ ᠳᠤ ᠠᠶᠠᠨᠴᠢᠳ ᠤᠨ ᠣᠷᠣᠭᠤᠯᠵᠤ ᠭᠠᠷᠭᠠᠭᠰᠠᠨ | ᠬᠡᠮᠵᠢᠶ᠎ᠡ 1316.6 ᠲᠦᠮᠡᠨ ᠬᠥᠮᠦᠨ ᠤᠳᠠᠭ᠎ᠠ ᠳᠤ ᠬᠦᠷᠴᠦ᠂ 11.7 ᠲᠦᠮᠡᠨ ᠨᠢᠰᠭᠡᠯ ᠤᠳᠠᠭ᠎ᠠ ᠨᠢᠰᠴᠦ ᠪᠠᠭᠤᠨ᠂ ᠪᠠᠷᠠᠭ᠎ᠠ ᠰᠢᠤᠳᠠᠨ ᠤ ᠣᠷᠣᠭᠤᠯᠵᠤ | ᠭᠠᠷᠭᠠᠭᠰᠠᠨ ᠬᠡᠮᠵᠢᠶ᠎ᠡ 5.9 ᠲᠦᠮᠡᠨ ᠲᠣᠨ ᠬᠦᠷᠴᠦ᠂ ᠭᠤᠷᠪᠠᠨ ᠶᠡᠭᠡ ᠲᠡᠭᠡᠭᠡᠪᠦᠷᠢ ᠶᠢᠨ ᠦᠢᠯᠡᠳᠪᠦᠷᠢᠯᠡᠯ ᠤᠨ ᠭᠦᠢᠴᠡᠳᠬᠡᠯ ᠲᠤᠭ᠎ᠠ ᠴᠥᠮ ᠬᠥᠬᠡᠬᠤᠲᠠ ᠶᠢᠨ | ᠨᠢᠰᠬᠡᠯ ᠤᠨ ᠪᠠᠭᠤᠳᠠᠯ ᠤᠨ ᠠᠶᠠᠯᠠᠯ ᠡᠬᠢᠯᠡᠭᠰᠡᠨ ᠠᠴᠠ ᠨᠠᠭᠠᠰᠢᠬᠢ ᠲᠡᠦᠬᠡᠨ ᠲᠡᠮᠳᠡᠭᠯᠡᠯ ᠢ ᠰᠢᠨᠡᠳᠬᠡᠭᠰᠡᠨ ᠢ ᠬᠠᠷᠠᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂ | ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠨᠢ ᠪᠥᠬᠦ ᠤᠯᠤᠰ ᠤᠨ ᠮᠢᠩᠭᠠᠨ ᠲᠦᠮᠡᠨ ᠲᠠᠰ ᠤᠨ 40 ᠨᠢᠰᠬᠡᠯ ᠤᠨ ᠪᠠᠭᠤᠳᠠᠯ ᠤᠨ ᠳᠤᠲᠤᠷ᠎ᠠ 34 | ᠳ᠋ᠦ᠋ᠭᠡᠷ ᠲᠤ ᠵᠢᠭᠰᠠᠭᠠᠭᠳᠠᠵᠠᠢ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠨᠢ ᠬᠥᠬᠡᠬᠤᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠭᠠᠳᠠᠭᠠᠳᠤ ᠶᠢᠨ ᠬᠤᠳᠠᠯᠳᠤᠭᠠᠨ ᠤ ᠶᠠᠪᠤᠳᠠᠯ ᠤᠨ ᠶᠠᠪᠤᠯᠴᠠᠭ᠎ᠠ᠂ ᠰᠣᠶᠣᠯ ᠤᠨ ᠰᠣᠯᠢᠯᠴᠠᠭᠠᠨ ᠤ ᠴᠢᠬᠤᠯᠠ ᠵᠠᠮ ᠱᠤᠭᠤᠮ ᠪᠣᠯᠵᠣ᠂ ᠣᠷᠣᠨ | ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠬᠦᠴᠦᠨ ᠪᠣᠯᠤᠭᠰᠠᠨ ᠪᠠᠶᠢᠨ᠎ᠠ᠃ | 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢᠨ ᠵᠠᠮ ᠬᠠᠷᠢᠯᠴᠠᠭᠠᠨ ᠤ ᠪᠠᠶᠢᠷᠢᠰᠢᠯ ᠤᠨ | ᠶᠡᠭᠡ ᠲᠠᠯ᠎ᠠ ᠶᠢᠨ ᠬᠤᠪᠢᠷᠠᠯᠲᠠ᠂ ᠨᠢᠰᠬᠡᠯ ᠤᠨ ᠪᠠᠭᠤᠳᠠᠯ ᠤᠨ ᠴᠠᠭ ᠤᠨ ᠲᠣᠬᠢᠷᠠᠭᠤᠯᠭ᠎ᠠ ᠪᠠᠴᠢᠮ᠂ ᠲᠡᠭᠡᠭᠡᠪᠦᠷᠢ ᠶᠢᠨ ᠬᠦᠴᠦᠨ ᠤ ᠥᠷᠢᠰᠥᠯᠳᠦᠭᠡᠨ ᠤ | ᠰᠢᠷᠦᠭᠦᠰᠦᠯ ᠵᠢᠴᠢ ᠳᠣᠲᠣᠭᠠᠳᠤ ᠭᠠᠳᠠᠭᠠᠳᠤ ᠶᠢᠨ ᠠᠯᠢ ᠣᠯᠠᠨ ᠬᠦᠴᠦᠨ ᠵᠦᠢᠯ ᠤᠨ ᠨᠥᠯᠥᠭᠡ ᠳᠣᠣᠷ᠎ᠠ᠂ ᠨᠢᠰᠬᠡᠯ ᠤᠨ ᠪᠠᠭᠤᠳᠠᠯ ᠪᠣᠳᠠᠲᠤ ᠪᠠᠶᠢᠳᠠᠯ ᠢ | ᠦᠨᠳᠦᠰᠦᠯᠡᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠠᠷᠠᠳ ᠤᠨ ᠠᠭᠠᠷ ᠤᠨ | ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠬᠦᠴᠦᠷᠬᠡᠭᠵᠢᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠪᠡ᠃ | |