15 ᠮᠢᠨᠦ᠋ᠲ ᠤᠨ ᠬᠢᠴᠢᠶᠡᠯ ᠤᠨ ᠵᠠᠪᠰᠠᠷᠯᠠᠭ᠎ᠠ ᠲᠠᠢ ᠪᠣᠯᠣᠯ᠎ᠠ
ᠨᠡᠶᠢᠲᠡᠯᠡᠭᠰᠡᠨ ᠴᠠᠭ᠄
2025/1/3
      ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠳᠤ︽ᠪᠦᠭᠦ ᠬᠤᠲᠠ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ 15 ᠮᠢᠨᠦ᠋ᠲ ᠤᠨ ᠠᠮᠠᠷᠠᠯᠲᠠ ᠶᠢ ᠵᠣᠷᠢᠭᠵᠢᠭᠤᠯᠬᠤ ᠲᠤᠬᠠᠢ ᠮᠡᠳᠡᠭᠳᠡᠯ︾ ︵ᠳᠣᠷᠣᠭᠰᠢ︽ᠮᠡᠳᠡᠭᠳᠡᠯ︾ ᠭᠡᠵᠦ ᠲᠣᠪᠴᠢᠯᠠᠨ᠎ᠠ︶ᠪᠠᠭᠤᠯᠭᠠᠵᠤ᠂ ᠪᠦᠭᠦ ᠬᠤᠲᠠ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠳᠤ 15 ᠮᠢᠨᠦ᠋ᠲ ᠤᠨ ᠬᠢᠴᠢᠶᠡᠯ ᠤᠨ ᠵᠠᠪᠰᠠᠷᠯᠠᠭ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠪᠠ᠃ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ  ᠰᠢᠯᠢᠳᠡᠭᠵᠢᠭᠦᠯᠦᠨ ᠲᠣᠬᠢᠷᠠᠭᠤᠯᠤᠭᠰᠠᠨ ᠤ ᠳᠠᠷᠠᠭ᠎ᠠ᠂ ᠡᠯ᠎ᠡ ᠰᠤᠷᠭᠠᠭᠤᠯᠢ ᠶᠢᠨ ᠲᠤᠰᠴᠤ ᠬᠦᠷᠭᠡᠬᠦ ᠪᠠ ᠦᠳᠡ ᠶᠢᠨ ᠠᠮᠠᠷᠠᠯᠲᠠ᠂  ᠦᠳᠡ ᠶᠢᠨ ᠬᠤᠭᠤᠯᠠᠨ ᠤ ᠴᠠᠭ ᠬᠤᠪᠢᠷᠠᠬᠤ ᠦᠭᠡᠢ᠃      ︽ᠮᠡᠳᠡᠭᠳᠡᠯ︾ ᠳᠤ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠤᠨ ᠲᠣᠬᠢᠷᠠᠭᠤᠯᠤᠯᠲᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠤᠯ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠵᠣᠬᠢᠰᠲᠠᠢ ᠪᠠᠷ ᠤᠷᠲᠤᠳᠬᠠᠵᠤ᠂ 1-2 ᠬᠢᠴᠢᠶᠡᠯ ᠤᠨ ᠵᠠᠪᠰᠠᠷᠯᠠᠭ᠎ᠠ ᠶᠢ ᠤᠷᠲᠤᠳᠬᠠᠬᠤ ᠠᠴᠠ ᠡᠬᠢᠯᠡᠨ ᠠᠯᠬᠤᠮ ᠠᠯᠬᠤᠮ ᠢᠶᠠᠷ ᠠᠬᠢᠭᠤᠯᠵᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠬᠢᠴᠢᠶᠡᠯ ᠤᠨ ᠵᠠᠪᠰᠠᠷᠯᠠᠭ᠎ᠠ ᠶᠢᠨ ᠲᠣᠬᠢᠷᠠᠭᠤᠯᠤᠯᠲᠠ ᠶᠢ ᠠᠮᠢᠳᠤᠯᠢᠭ ᠢᠶᠠᠷ ᠲᠣᠬᠢᠷᠠᠭᠤᠯᠵᠤ᠂ ᠰᠤᠷᠤᠬᠴᠢᠳ ᠲᠤ ᠭᠦᠢᠴᠡᠳ ᠠᠮᠠᠷᠠᠬᠤ ᠪᠠ ᠬᠥᠳᠡᠯᠭᠡᠭᠡᠨ ᠬᠢᠬᠦ ᠴᠠᠭ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠰᠤᠷᠭᠠᠭᠤᠯᠢ ᠰᠤᠷᠤᠬᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠠᠰᠢᠭᠯᠠᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠭᠡᠮ ᠤᠨ ᠬᠠᠷᠢᠯᠴᠠᠭᠠᠨ ᠳᠤ ᠠᠰᠢᠭᠲᠠᠢ ᠠᠵᠢᠯᠯᠠᠭ᠎ᠠ ᠬᠢᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠥᠪᠡᠷ ᠢᠶᠠᠨ ᠨᠠᠶᠢᠷᠠᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠷᠠᠳᠢᠣ᠋ ᠲᠠᠮᠢᠷ᠂ ᠤᠯᠠᠨ ᠭᠡᠯᠪᠡᠷᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠵᠢᠴᠢ ᠤᠶᠤᠨ ᠤ ᠲᠣᠭᠯᠠᠭᠠᠮ ᠵᠡᠷᠭᠡ ᠶᠢ ᠭᠠᠷᠭᠠᠬᠤ ᠶᠢ ᠵᠣᠷᠢᠭᠵᠢᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ ᠠᠮᠢᠳᠤᠷᠠᠯ ᠢ ᠪᠠᠶᠠᠯᠢᠭᠵᠢᠭᠤᠯᠤᠨ᠂ ᠰᠤᠷᠤᠬᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠪᠠ ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠰᠤᠷᠭᠠᠭᠤᠯᠢ ᠪᠠᠰᠠ ᠰᠤᠷᠭᠠᠭᠤᠯᠢ ᠶᠢᠨ ᠬᠦᠷᠢᠶᠡᠨ ᠳᠡᠭᠡᠨ ᠴᠢᠬᠤᠯᠠ ᠪᠦᠬᠦᠢ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠪᠠ ᠲᠥᠬᠦᠭᠡᠷᠦᠮᠵᠢ ᠶᠢ ᠨᠥᠬᠦᠪᠦᠷᠢᠯᠡᠵᠦ᠂ ᠰᠤᠷᠤᠬᠴᠢᠳ ᠲᠤ ᠨᠡᠩ ᠲᠣᠬᠢᠷᠠᠮᠵᠢᠲᠠᠢ ᠬᠢᠴᠢᠶᠡᠯ ᠤᠨ ᠵᠠᠪᠰᠠᠷᠯᠠᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠵᠤ ᠥᠭᠬᠦ ᠶᠢᠨ ᠬᠠᠮᠲᠤ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠬᠠᠮᠠᠭᠠᠯᠠᠯᠲᠠ ᠪᠠ ᠠᠷᠠᠴᠢᠯᠠᠯᠲᠠ ᠶᠢ ᠴᠢᠩᠭᠠᠳᠬᠠᠵᠤ᠂ ᠰᠤᠷᠤᠬᠴᠢᠳ ᠤᠨ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ