︵ᠰᠤᠷᠪᠤᠯᠵᠢᠯᠠᠭᠴᠢ ᠢᠦᠢ ᠶᠠ ᠵᠢᠶᠦ᠋ᠨ︶ 1 ᠳ᠋ᠦ᠋ᠭᠡᠷ ᠰᠠᠷ᠎ᠠ ᠶᠢᠨ 1 ᠤ ᠡᠳᠦᠷ᠂ 21 ᠳ᠋ᠤᠭᠡᠷ ᠬᠤᠭᠤᠴᠠᠭᠠᠨ ᠤ ︽ᠭᠠᠳᠠᠭᠠᠳᠤ ᠬᠡᠯᠡᠨ ᠤ ᠵᠢᠭᠠᠨ | ᠰᠤᠳᠤᠯᠬᠤ ᠬᠤᠷᠢᠶ᠎ᠠ ᠬᠤᠨᠳᠠᠭᠠᠲᠤ︾ ᠪᠥᠬᠦ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠭᠠᠳᠠᠭᠠᠳᠤ ᠬᠡᠯᠡᠨ ᠤ ᠬᠡᠪ ᠪᠣᠯᠪᠠᠰᠤᠷᠠᠯ ᠤᠨ | ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠶᠡᠷᠦᠩᠬᠡᠶ ᠰᠢᠢᠳᠪᠦᠷᠢᠲᠦ ᠤᠷᠤᠯᠳᠤᠭᠠᠨ ᠬᠥᠬᠡᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ ︽ᠭᠠᠳᠠᠭᠠᠳᠤ ᠵᠢᠭᠠᠨ ᠰᠤᠳᠤᠯᠬᠤ ᠬᠤᠷᠢᠶ᠎ᠠ ᠬᠤᠨᠳᠠᠭᠠᠲᠤ︾ ᠪᠥᠬᠦ ᠤᠯᠤᠰ ᠤᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠭᠠᠳᠠᠭᠠᠳᠤ ᠬᠡᠯᠡᠨ ᠤ ᠬᠡᠪ ᠪᠣᠯᠪᠠᠰᠤᠷᠠᠯ ᠤᠨ ᠤᠷᠤᠯᠳᠤᠭᠠᠨ ᠪᠣᠯ ᠰᠤᠷᠭᠠᠨ ᠬᠥᠮᠦᠵᠢᠯ ᠤᠨ ᠶᠠᠮᠤᠨ ᠤ ᠪᠥᠬᠦ ᠤᠯᠤᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠤᠷᠤᠯᠳᠤᠭᠠᠨ ᠤ ᠠᠵᠢᠯᠯᠠᠭ᠎ᠠ ᠳᠤ ᠵᠢᠭᠰᠠᠭᠠᠭᠳᠠᠭᠰᠠᠨ᠂ ᠪᠥᠬᠦ ᠤᠯᠤᠰ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ ᠡᠷᠭᠢᠯᠡᠭᠰᠡᠨ ᠨᠡᠶᠢᠲᠡ ᠶᠢᠨ ᠠᠰᠠᠷᠠᠮᠵᠢ ᠶᠢᠨ ᠤᠷᠤᠯᠳᠤᠭᠠᠨ ᠪᠣᠯᠤᠨ᠎ᠠ᠃ ᠤᠷᠤᠯᠳᠤᠭᠠᠨ ᠨᠢ | ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠬᠥᠮᠦᠵᠢᠭᠦᠯᠬᠦ ᠪᠠᠷ ᠣᠨᠣᠯᠵᠢᠬᠤᠨ ᠪᠣᠯᠭᠠᠵᠤ᠂ ᠭᠤᠤᠯ ᠱᠤᠭᠤᠮ ᠲᠣᠳᠣᠷᠬᠠᠶ᠂ | ᠠᠭᠤᠯᠭ᠎ᠠ ᠨᠢ ᠣᠯᠠᠨ ᠡᠰᠢᠲᠦ ᠤᠷᠤᠯᠳᠤᠭᠠᠨ ᠤ ᠰᠢᠰᠲ᠋ᠧᠮᠵᠢ ᠶᠢ ᠲᠤᠬᠢᠷᠠᠭᠤᠯᠵᠤ᠂ ᠡᠷᠳᠡᠮ ᠰᠢᠨᠵᠢᠯᠡᠭᠡᠨ ᠤ ᠡᠷᠬᠡ ᠰᠦᠷᠲᠦ ᠴᠢᠨᠠᠷ ᠪᠠ ᠠᠵᠢᠯᠯᠠᠭ᠎ᠠ ᠶᠢᠨ | ᠪᠠᠶᠠᠯᠢᠭ ᠴᠢᠨᠠᠷ ᠢ ᠳᠣᠪᠤᠶᠢᠯᠭᠠᠵᠤ᠂ ᠰᠤᠷᠤᠭᠴᠢᠳ ᠢ ᠰᠤᠷᠤᠯᠴᠠᠬᠤ ᠤᠷᠮ᠎ᠠ ᠰᠡᠳᠬᠢᠯᠭᠡ ᠲᠠᠢ᠂ ᠦᠷᠢᠰᠦᠯᠳᠦᠬᠦ ᠵᠣᠷᠢᠭᠲᠠᠶ ᠂ ᠣᠯᠠᠨ ᠤᠯᠤᠰ ᠤᠨ | ᠥᠷᠢᠰᠥᠯᠳᠦᠬᠦ ᠬᠦᠴᠦᠨ ᠢ ᠦᠨᠡᠨ ᠬᠦ ᠪᠦᠷᠢᠯᠳᠦᠭᠦᠯᠦᠭᠰᠡᠨ ᠴᠢᠳᠠᠪᠤᠷᠢᠲᠠᠨ ᠪᠣᠯᠭᠠᠨ ᠬᠦᠮᠦᠵᠢᠭᠦᠯᠬᠦ ᠶᠢᠨ ᠲᠥᠯᠥᠭᠡ ᠶᠤᠮ᠃ | ᠤᠷᠤᠯᠳᠤᠭᠠᠨ ᠨᠢ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ᠪᠥᠬᠦ ᠣᠷᠣᠨ ᠤ 1832 | ᠰᠢᠯᠢᠳᠡᠭ ᠰᠤᠷᠤᠭᠴᠢᠳ ᠥᠪᠥᠷ ᠮᠣᠩᠭᠤᠯ ᠤᠨ ᠤᠷᠤᠯᠳᠤᠭᠠᠨ ᠤ ᠲᠤᠭᠤᠷᠢᠭ ᠤᠨ ᠮᠤᠵᠢ ᠶᠢᠨ ᠱᠠᠲᠤᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ | ᠤᠷᠤᠯᠴᠠᠵᠠᠢ᠃ | |