ᠪᠣᠣ ᠭᠠᠩ ᠾᠧ ᠬᠠᠢ ᠳ᠋ᠦᠩ ᠬᠤᠷᠠᠯ ᠳᠤ ᠬᠦᠷᠴᠦ ᠪᠠᠶᠠᠷ ᠬᠦᠷᠭᠡᠨ ᠼᠦᠢ ᠵᠧᠨ ᠦ᠋ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠬᠢᠪᠡ | | | | | | 1 ᠳ᠋ᠦ᠋ᠭᠡᠷ ᠰᠠᠷ᠎ᠠ ᠶᠢᠨ 4 ᠤ ᠡᠳᠦᠷ᠂ ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠥᠪᠥᠷ | ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠤᠯ ᠶᠡᠭᠡ ᠬᠤᠷᠠᠯ ᠤᠨ ᠠᠬᠤᠢ ᠲᠠᠯᠠᠪᠠᠢ ᠪᠤᠯᠤᠨ᠎ᠠ᠃ ᠰᠣᠷᠪᠤᠯᠵᠢᠯᠠᠬᠴᠢ ᠸᠠᠩ ᠱᠣᠣ ᠺᠠᠢ ᠰᠠᠭᠦᠲᠠᠷᠯᠠᠪᠠ | | | | | | 1 ᠳ᠋ᠦ᠋ᠭᠡᠷ ᠰᠠᠷ᠎ᠠ ᠶᠢᠨ 4 ᠤ ᠡᠳᠦᠷ᠂ ᠼᠦᠢ ᠵᠧᠨ ᠦ᠋ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢ ᠲᠥᠯᠥᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ ᠲᠠᠲᠣᠯᠭᠠ ᠶᠢᠨ ᠰᠣᠷᠪᠤᠯᠵᠢᠯᠠᠬᠴᠢ ᠵᠠᠩ ᠶᠢ ᠳᠣᠤ ᠰᠠᠭᠦᠲᠠᠷᠯᠠᠪᠠ | | 1 ᠳ᠋ᠦ᠋ᠭᠡᠷ ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ | ᠬᠤᠷᠢᠶᠠᠨ ᠤ ᠳᠥᠷᠪᠡᠳᠦᠭᠡᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠠᠴᠠ | ᠢᠷᠡᠭᠰᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠡ ᠲᠠᠩᠬᠢᠮ ᠳᠤ ᠴᠤᠭᠯᠠᠷᠠᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠪᠠᠷ ᠵᠠᠰᠠᠭ ᠤᠨ ᠶᠠᠪᠤᠳᠠᠯ ᠢ | ᠵᠥᠪᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠳᠠ ᠶᠢᠨ ᠰᠢᠨ᠎ᠡ | ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠬᠦᠷᠦᠯᠴᠡᠨ ᠢᠷᠡᠵᠦ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠡᠦ᠂ ᠳᠡᠳ᠋ ᠲᠡᠷᠢᠭᠦᠯᠡᠭᠴᠢ ᠭᠤᠤ ᠵᠧᠨ ᠸᠧᠶ᠂ ᠯᠢ ᠰᠢᠶᠤᠤ ᠳ᠋ᠦᠩ᠂ ᠰᠦᠸᠧ ᠶᠢᠩ ᠵᠢᠶᠦ᠋ᠨ | ᠂ ᠯᠢ ᠸᠧᠨ ᠭᠧ᠂ ᠭᠤᠤ ᠷᠦᠢ ᠵᠢᠶᠦ᠋ᠨ᠂ ᠯᠢᠦ ᠵᠢᠶᠠᠨ ᠭᠦᠸᠧ᠂ ᠪᠠᠭᠠᠲᠤᠷ᠂ ᠦ᠋ ᠴᠧᠩ ᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ | ᠵᠢᠱᠢᠭᠳᠡᠭᠴᠢ ᠮᠠ ᠪᠢᠩ ᠴᠢᠤᠸᠠᠨ᠂ ᠨᠠᠷᠢᠨ ᠪᠢᠴᠢᠭ ᠤᠨ ᠳᠠᠷᠤᠭ᠎ᠠ ᠶᠢᠨ ᠵᠢᠱᠢᠭᠳᠡᠭᠴᠢ ᠸᠠᠩ ᠪᠦᠦ ᠫᠢᠩ ᠡᠮᠦᠨ᠎ᠡ ᠮᠥᠷ ᠲᠤ ᠰᠠᠭᠠᠲᠠᠪᠠ᠃ | ᠯᠢ ᠰᠢᠶᠤᠤ ᠳ᠋ᠦᠩ ᠬᠤᠷᠠᠯ ᠡᠷᠭᠢᠯᠡᠪᠡ᠃ ᠼᠦᠢ ᠵᠧᠨ ᠦ᠋ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠄ ᠰᠦᠨ ᠬᠤᠤ᠂ ᠯᠢ ᠵᠢᠶᠦ᠋ᠨ᠂ ᠴᠢᠶᠣᠤ ᠢᠦᠶ ᡂᠢ᠂ ᠯᠢᠦ ᠵᠢᠶ ᠶᠢᠩ᠂ ᠸᠠᠩ ᠺᠦᠨ᠂ | ᠼᠤᠤ ᡁᠢ᠂ ᠯᠢ ᠰᠢᠶᠣᠣ ᠶᠠᠨ᠂ ᠸᠠᠩ ᠢᠦᠶ ᠲᠢᠶᠠᠨ᠂ ᠵᠣᠣ ᠶᠠᠨ ᠷᠦ᠋᠂ ᠦ᠋ ᠸᠧᠨ ᠮᠢᠩ᠂ ᠯᠠᠨ ᠹᠧᠩ᠂ ᠵᠠᠩ ᠵᠥᠩ ᠳ᠋ᠦᠩ᠂ ᠶᠦᠨ ᠢᠦᠶ ᠮᠧᠶ᠂ ᠵᠠᠩ ᠺᠧ ᠯᠢᠩ᠂ ᠸᠠᠩ ᠰᠢᠨ | ᠢᠦᠶ᠂ ᠨᠢᠤ ᠹᠠᠩ ᠽᠧ᠂ ᠵᠢᠶᠤᠤ ᠬᠤᠩ᠂ ᠲᠠᠯ᠎ᠠ᠂ ᠭᠤᠤ ᠬᠠᠨ᠂ ᠵᠦ ᠵᠢᠶᠠᠨ ᠭᠦᠸᠧ᠂ ᠵᠣᠣ ᠰᠢ ᠮᠢᠨ᠂ ᠵᠠᠩ ᠰᠢᠶᠤᠤ ᠬᠤᠩ᠂ ᠼᠤᠤ ᠬᠤᠩ᠂ ᠶᠠᠩ ᠣᠷᠳᠤ᠂ ᠯᠢᠦ ᠵᠠᠨ ᠶᠢᠩ | ᠂ ᠯᠢᠦ ᠶᠠᠩ ᠶᠠᠩ ᠨᠠᠷ ᠪᠠᠶᠢᠪᠠ᠃ | ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 320 ᠬᠥᠮᠦᠨ᠂ ᠪᠣᠳᠠᠲᠠᠶ ᠣᠷᠣᠯᠴᠠᠭᠰᠠᠨ ᠭᠡᠰᠢᠭᠦᠨ 311 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠣᠭᠠᠨ ᠳᠤ | ᠨᠡᠶᠢᠴᠡᠪᠡ᠃ | ᠢᠯᠡᠳᠭᠡᠯ ᠳᠤ᠂ 2024 ᠣᠨ ᠳᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ | ᠹᠷᠣᠨᠲ᠂ ᠵᠥᠪᠯᠡᠯᠭᠡ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠡᠭᠡ ᠤᠴᠢᠷ᠂ ᠥᠭᠡᠷᠡᠴᠢᠯᠡᠯᠲᠡ ᠶᠢᠨ ᠴᠢᠬᠤᠯᠠ ᠤᠴᠢᠷ᠂ | ᠠᠷᠠᠳ ᠤᠨ ᠠᠮᠢᠳᠤᠷᠠᠯ ᠤᠨ ᠪᠣᠳᠠᠲᠤ ᠤᠴᠢᠷ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ | ᠦᠷᠳᠡᠭ ᠢᠶᠠᠨ ᠴᠢᠷᠮᠠᠶᠢᠨ ᠢᠯᠡᠷᠡᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ ᠭᠡᠵᠡᠢ᠃ | ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠦᠬᠦ ᠲᠠᠯ᠎ᠠ ᠶᠢᠨ ᠵᠣᠭᠰᠤᠴᠠ ᠠᠴᠠ᠂ ᠵᠠᠩᠭᠢᠯᠠᠭ᠎ᠠ ᠶᠢ ᠠᠳᠬᠤᠬᠤ ᠶᠢ ᠪᠠᠷᠢᠮᠲᠠᠯᠠᠵᠤ᠂ | ᠰᠠᠭᠤᠷᠢ ᠲᠠᠯᠪᠢᠨ᠂ ᠬᠡᠳᠦ ᠶᠢᠨ ᠠᠰᠢᠭ ᠤᠨ ᠲᠣᠭᠤᠷᠢᠨ ᠳᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ | ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠲᠠᠷᠢᠬᠢ ᠲᠣᠯᠣᠭᠠᠢ᠂ ᠰᠡᠳᠬᠢᠯ ᠵᠢᠷᠦᠬᠡ᠂ ᠦᠢᠯᠡ ᠠᠵᠢᠯᠯᠠᠭ᠎ᠠ ᠳᠠᠭᠠᠨ | ᠰᠢᠩᠭᠡᠭᠡᠵᠦ᠂ ᠠᠵᠢᠯ ᠤᠨ ᠭᠤᠣᠯ ᠰᠢᠵᠢᠮ ᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠦᠵᠡᠭᠳᠡᠬᠦ ᠲᠠᠢ᠂ ᠮᠡᠳᠡᠷᠡᠭᠳᠡᠬᠦ ᠲᠠᠢ᠂ ᠪᠦᠲᠦᠮᠵᠢ ᠲᠠᠢ ᠪᠣᠯᠭᠠᠨ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ | ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠨᠡᠩ ᠨᠠᠷᠢᠯᠢᠭ ᠨᠡᠩ ᠪᠣᠳᠠᠲᠠᠢ ᠠᠬᠢᠭᠤᠯᠪᠠ᠃ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠦᠨᠡᠨ ᠦᠭᠡ ᠶᠢᠨ ᠰᠠᠨᠠᠭᠤᠯᠭ᠎ᠠ ᠳᠤᠷᠠᠳᠤᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠰᠠᠭᠤᠷᠢᠯᠠᠵᠤ᠂ | ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠲᠠᠯ᠎ᠠ ᠪᠠᠷ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠬᠦ | ᠲᠠᠯ᠎ᠠ ᠪᠠᠷ᠂ ᠬᠥᠭᠵᠢᠯᠲᠡ ᠶᠢ ᠠᠬᠢᠭᠤᠯᠬᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠠᠯ᠎ᠠ ᠪᠠᠷ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢ ᠶᠢ ᠪᠠᠬᠢᠵᠢᠭᠦᠯᠬᠦ | ᠲᠠᠯ᠎ᠠ ᠪᠠᠷ ᠴᠥᠮ ᠰᠢᠨ᠎ᠡ ᠳᠡᠭᠡᠭᠰᠢᠯᠡᠯᠲᠡ ᠲᠠᠢ ᠪᠣᠯᠪᠠ᠃ | ᠢᠯᠡᠳᠬᠡᠯ ᠳᠤ ᠴᠢᠬᠤᠯᠠᠴᠢᠯᠠᠭᠰᠠᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠤᠨ᠎ᠠ᠃ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠠᠰᠤᠷᠠᠯᠲᠠ ᠦᠭᠡᠢ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ | ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠴᠢᠩᠭ᠎ᠠ | ᠤᠳᠤᠷᠢᠳᠤᠯᠭ᠎ᠠ ᠳᠣᠣᠷ᠎ᠠ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠥᠭᠵᠢᠯᠲᠡ ᠳᠤ ᠬᠦᠴᠦᠨ | ᠨᠡᠮᠡᠷᠢᠯᠡᠵᠦ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠣᠷᠣᠨ ᠤ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠬᠤᠰᠢᠭᠤᠴᠢ ᠪᠣᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠷᠢᠶ᠎ᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠦᠨ᠎ᠡ᠃ 2025 ᠣᠨ ᠳᠤ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠤᠯᠤᠰ ᠲᠥᠷᠥ ᠶᠢᠨ ᠵᠢᠯᠣᠭᠤᠳᠤᠮᠵᠢ ᠶᠢ ᠳᠣᠪᠣᠶᠢᠯᠭᠠᠨ᠂ ᠪᠦᠯᠬᠦᠮᠳᠡᠨ ᠲᠡᠮᠡᠴᠡᠬᠦ ᠬᠠᠮᠲᠤ ᠶᠢᠨ | ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠬᠦ ᠳᠡᠭᠡᠷ᠎ᠡ ᠨᠠᠩ ᠬᠦᠴᠦᠲᠡᠶ ᠪᠣᠯᠭᠠᠨ᠎ᠠ᠂ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠨᠡᠩ ᠢᠯᠡᠭᠦᠦ ᠵᠢᠳᠬᠦᠯ ᠴᠢᠷᠮᠠᠶᠢᠯᠭ᠎ᠠ ᠭᠠᠷᠭᠠᠨ᠎ᠠ᠂ ᠭᠤᠣᠯ ᠡᠭᠦᠷᠭᠡ ᠶᠢ | ᠴᠢᠩᠭ᠎ᠠ ᠠᠩᠬᠠᠷᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠤᠨ ᠶᠠᠪᠤᠳᠠᠯ ᠢ ᠵᠥᠪᠯᠡᠨ | ᠰᠠᠨᠠᠯ ᠵᠥᠪᠯᠡᠯᠭᠡ ᠳᠤᠷᠠᠳᠬᠤ ᠲᠠᠯ᠎ᠠ ᠪᠠᠷ ᠨᠡᠩ ᠴᠢᠨᠠᠷ ᠲᠠᠢ ᠪᠣᠯᠭᠠᠨ᠎ᠠ᠂ ᠪᠦᠯᠬᠦᠮᠳᠡᠯ ᠠᠷᠠᠳᠴᠢᠯᠠᠯ ᠢ ᠪᠠᠳᠠᠷᠠᠭᠤᠯᠤᠨ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ | ᠵᠢᠷᠤᠬᠤ ᠲᠠᠯ᠎ᠠ ᠪᠠᠷ ᠨᠡᠩ ᠪᠦᠲᠦᠮᠵᠢᠲᠡᠢ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ | ᠲᠣᠭᠲᠠᠴᠠ ᠶᠢ ᠪᠦᠷᠢᠨᠰᠢᠬᠦᠯᠬᠦ ᠲᠠᠯ᠎ᠠ ᠪᠠᠷ ᠨᠡᠩ ᠢᠯᠡᠭᠦᠦ ᠠᠷᠭ᠎ᠠ ᠬᠡᠮᠵᠢᠶ᠎ᠡ ᠲᠠᠢ ᠪᠣᠯᠭᠠᠨ᠎ᠠ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠲᠤ ᠦᠢᠯᠡᠴᠢᠯᠡᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠨᠡᠩ ᠢᠯᠡᠭᠦᠦ ᠠᠷᠭ᠎ᠠ ᠲᠠᠢ ᠪᠣᠯᠭᠠᠨ᠎ᠠ ᠭᠡᠵᠡᠢ᠃ | ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠯᠢᠦ ᠵᠢᠶᠠᠨ | ᠭᠦᠸᠧ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠬᠢᠪᠠ᠃ | ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠳ᠂ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ | ᠬᠠᠷᠢᠭᠤᠴᠠᠯᠭᠠᠲᠠᠨ ᠨᠥᠬᠦᠳ᠂ ᠵᠥᠪᠯᠡᠯᠭᠡ ᠠᠷᠠᠳᠴᠢᠯᠠᠭᠰᠠᠨ ᠵᠠᠯᠠᠭᠤᠴᠤᠳ ᠪᠠᠭᠠᠴᠤᠳ ᠤᠨ ᠠᠵᠢᠭᠯᠠᠭᠴᠢᠳ ᠵᠡᠷᠭᠡ ᠬᠤᠯᠪᠣᠭᠳᠠᠯ ᠪᠥᠬᠦᠶ ᠨᠥᠬᠦᠳ ᠬᠤᠷᠠᠯ ᠳᠤ ᠰᠤᠯᠠ | ᠣᠷᠣᠯᠴᠠᠪᠠ᠃ | |