ᠪᠣᠣ ᠭᠠᠩ ᠨᠠᠷ ᠬᠤᠷᠠᠯ ᠳᠤ ᠣᠷᠣᠯᠴᠠᠵᠤ ᠾᠧ ᠬᠠᠢ ᠳ᠋ᠦᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ | | | | | | 1 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠤᠯ ᠶᠡᠭᠡ ᠬᠤᠷᠠᠯ ᠤᠨ ᠠᠬᠤᠢ ᠲᠠᠯᠠᠪᠠᠢ ᠪᠤᠯᠤᠨ᠎ᠠ᠃ | ᠰᠤᠷᠪᠤᠯᠵᠢᠯᠠᠭᠴᠢ ᠶᠠᠨ ᠰᠢᠨ ᠰᠡᠭᠦᠲᠡᠷᠯᠡᠪᠡ | | | | | | 1 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠳᠠᠷᠤᠭ᠎ᠠ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠰᠣᠷᠪᠤᠯᠵᠢᠯᠠᠬᠴᠢ ᠯᠢᠤ ᠴᠢᠩ ᠢᠣᠢ ᠰᠠᠭᠦᠲᠠᠷᠯᠠᠪᠠ | | | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠴᠠᠭ ᠦᠶ᠎ᠡ ᠶᠢᠨ | ᠢᠷᠠᠭᠤ ᠬᠠᠭᠤᠳᠠᠰᠤ ᠶᠢ ᠪᠢᠴᠢᠭᠯᠡᠨ᠎ᠡ᠃ 1 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠪᠦᠬᠦ ᠬᠤᠳᠠ ᠶᠢᠨ ᠡᠯ᠎ᠡ | ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠠᠷᠠᠳ ᠤᠨ ᠲᠥᠯᠥᠭᠡ ᠵᠢᠳᠬᠦᠬᠦ ᠭᠦᠨ ᠵᠤᠵᠠᠭᠠᠨ ᠰᠡᠳᠬᠢᠯᠭᠡ ᠪᠠᠷ ᠦᠨᠳᠦᠰᠦᠨ ᠬᠠᠤᠯᠢ ᠪᠣᠯᠣᠨ ᠬᠠᠤᠯᠢ | ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ | ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠪᠦᠦ ᠭᠠᠩ᠂ ᠦ᠋ ᠸᠧᠨ ᠮᠢᠩ᠂ ᠯᠠᠨ ᠹᠧᠩ᠂ ᠵᠠᠩ | ᠵᠦᠩ ᠳ᠋ᠦᠩ᠂ ᠶᠦᠨ ᠢᠦᠢ ᠮᠧᠢ᠂ ᠰᠢᠩ ᠵᠢᠶᠦ᠋ᠨ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠦ᠋ ᠸᠧᠨ ᠮᠢᠩ ᠶᠡᠭᠡ ᠬᠤᠷᠠᠯ ᠢ ᠡᠷᠬᠢᠯᠡᠪᠡ᠃ | ᠾᠧ ᠬᠠᠶ ᠳ᠋ᠦᠩ᠂ ᠼᠦᠢ ᠵᠧᠨ ᠡᠦ᠂ ᠰᠦᠨ ᠬᠤᠤ᠂ ᠯᠢ ᠵᠢᠶᠦ᠋ᠨ᠂ ᠴᠢᠶᠣᠤ ᠢᠦᠶ ᡂᠢ᠂ ᠯᠢᠦ ᠵᠢᠶ ᠶᠢᠩ᠂ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠶ | ᠲᠢᠶᠠᠨ᠂ ᠵᠣᠣ ᠶᠠᠨ ᠷᠥ᠋᠂ ᠶᠠᠩ ᠰᠢᠩ ᠱᠧᠩ᠂ ᠵᠠᠩ ᠺᠧ ᠯᠢᠩ᠂ ᠸᠠᠩ ᠰᠢᠨ ᠢᠦᠶ᠂ ᠨᠢᠤ ᠹᠠᠩ ᠽᠧ᠂ ᠵᠢᠶᠤᠤ ᠬᠤᠩ᠂ ᠹᠦ᠋ ᠶᠢᠨ ᠽᠠᠢ᠂ ᠲᠠᠯ᠎ᠠ᠂ ᠭᠤᠤ ᠬᠠᠨ᠂ ᠵᠦ ᠵᠢᠶᠠᠨ | ᠭᠦᠸᠧ᠂ ᠭᠤᠤ ᠵᠧᠨ ᠸᠧᠶ᠂ ᠯᠢ ᠰᠢᠶᠤᠤ ᠳ᠋ᠦᠩ᠂ ᠰᠦᠸᠧ ᠶᠢᠩ ᠵᠢᠶᠦ᠋ᠨ᠂ ᠯᠢᠦ ᠵᠢᠶᠠᠨ ᠭᠦᠸᠧ᠂ ᠪᠠᠭᠠᠲᠤᠷ᠂ ᠦ᠋ ᠴᠧᠩ ᠢ᠂ ᠮᠠ ᠪᠢᠩ ᠴᠢᠤᠸᠠᠨ᠂ ᠵᠣᠣ ᠰᠢ ᠮᠢᠨ᠂ ᠵᠠᠩ | ᠰᠢᠶᠤᠤ ᠬᠤᠩ᠂ ᠼᠤᠤ ᠬᠤᠩ᠂ ᠯᠢᠦ ᠵᠠᠨ ᠶᠢᠩ᠂ ᠶᠠᠩ ᠤᠷᠲᠦ ᠵᠡᠷᠭᠡ ᠤᠳᠤᠷᠢᠳᠤᠯᠭ᠎ᠠ ᠪᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠳ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ | ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 339 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 330 ᠬᠥᠮᠦᠨ ᠪᠠᠶᠢᠵᠤ᠂ | ᠬᠠᠤᠯᠢ ᠳᠤ ᠲᠣᠭᠲᠠᠭᠠᠭᠰᠠᠨ ᠬᠥᠮᠦᠨ ᠤ ᠲᠣᠭᠠᠨ ᠳᠤ ᠨᠡᠶᠢᠴᠡᠪᠡ᠃ | ᠦᠳᠡ ᠶᠢᠨ ᠡᠮᠦᠨ᠎ᠡ ᠶᠢᠨ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠤᠨ ᠳᠤᠮᠳᠠ ᠡᠬᠢᠯᠡᠪᠡ᠃ | ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | ᠾᠧ ᠬᠠᠢ ᠳ᠋ᠦᠩ ᠬᠡᠯᠡᠬᠦ ᠳᠡᠭᠡᠨ᠂ 2024 ᠣᠨ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ | ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠨ᠂ ︽ᠬᠠᠮᠤᠭ ᠰᠠᠶᠢᠬᠠᠨ ᠭᠠᠵᠠᠷ︾ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠬᠤ ᠶᠢ ᠠᠬᠢᠭᠤᠯᠪᠠ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 6% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ 8% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 18% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠪᠣᠷᠣᠯᠠᠭᠤᠯᠤᠯᠭᠰᠠᠨ ᠶᠡᠷᠦᠩᠬᠡᠢ ᠲᠤᠭ᠎ᠠ 5% ᠠᠴᠠ ᠳᠡᠭᠡᠭᠰᠢ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7% ᠠᠴᠠ ᠳᠡᠭᠡᠭᠰᠢ | ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5% ᠠᠴᠠ ᠳᠡᠭᠡᠭᠰᠢ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠷᠭᠠᠭᠰᠠᠨ | ᠶᠡᠷᠦᠩᠬᠡᠢ ᠲᠤᠭ᠎ᠠ 14% ᠠᠴᠠ ᠳᠡᠭᠡᠭᠰᠢ ᠨᠡᠮᠡᠭᠳᠡᠵᠦ᠂ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠮᠤᠵᠢ ᠶᠢᠨ ᠲᠥᠪ ᠬᠤᠲᠠ ᠶᠢᠨ ᠳᠣᠲᠣᠷ᠎ᠠ ᠦᠷᠭᠦᠯᠵᠢᠯᠡᠨ | ᠨᠢᠭᠡᠳᠦᠭᠡᠷ ᠵᠢᠭᠰᠠᠭᠠᠯ ᠢᠶᠠᠨ ᠪᠠᠲᠤᠯᠠᠵᠤ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠴᠢᠳᠠᠪᠤᠷᠢ ᠶᠢᠨ ᠳᠡᠰ ᠦᠷᠭᠦᠯᠵᠢᠯᠡᠨ ᠳᠡᠭᠡᠭᠰᠢᠯᠡᠪᠡ ᠭᠡᠵᠡᠢ᠃ | ᠾᠧ ᠬᠠᠶ ᠳ᠋ᠦᠩ ᠳᠠᠪᠠᠭᠤᠯᠢᠭ ᠠᠵᠤ ᠦᠢᠯᠡᠰ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠦᠭᠰᠡᠨ᠂ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠲᠥᠪᠯᠡᠷᠡᠭᠦᠯᠦᠨ ᠲᠠᠰ ᠳᠡᠪᠰᠢᠭᠦᠯᠦᠭᠰᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠠᠩ ᠴᠢᠩᠭ᠎ᠠ ᠪᠣᠯᠭᠠᠭᠰᠠᠨ᠂ ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ | ᠥᠬᠡᠶ ᠭᠦᠨᠵᠡᠭᠡᠶᠢᠷᠡᠭᠦᠯᠦᠭᠰᠡᠨ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠭᠰᠠᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠬᠠᠮᠠᠭᠠᠯᠠᠯᠲᠠ ᠶᠢᠨ ᠦᠷ᠎ᠡ ᠪᠦᠲᠦᠭᠡᠯ ᠢ ᠢᠯᠡᠷᠬᠡᠶ ᠪᠣᠯᠭᠠᠭᠰᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠳᠦᠷ ᠢᠷᠡᠬᠦᠶ᠎ᠡ ᠨᠡᠮᠡᠭᠳᠡᠭᠦᠯᠦᠭᠰᠡᠨ ᠵᠡᠷᠭᠡ ᠲᠤᠯᠤᠭᠠᠨ ᠲᠠᠯ᠎ᠠ ᠠᠴᠠ | ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠪᠡ᠃ | ᠾᠧ ᠬᠠᠢ ᠳ᠋ᠦᠩ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ ᠪᠢᠳᠡ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ | ᠰᠢᠢᠳᠪᠦᠷᠢᠯᠡᠵᠦ ᠬᠠᠷᠢᠭᠤᠯᠲᠠ ᠥᠭᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠭᠦᠨᠵᠡᠭᠡᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠥᠷᠭᠡᠨ ᠤᠯᠠᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠴᠦᠮ ᠰᠢᠨ᠎ᠡ | ᠳᠡᠭᠡᠭᠰᠢᠯᠡᠯᠲᠡ ᠲᠠᠢ ᠪᠣᠯᠪᠠ᠃ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠨᠢᠭᠡᠪᠦᠷᠢ᠂ ᠤᠳᠠᠭ᠎ᠠ ᠪᠦᠷᠢ ᠶᠢᠨ ᠲᠠᠪᠰᠢᠯᠳᠠ ᠪᠣᠯ ᠴᠥᠮ ᠶᠡᠷᠦᠩᠬᠡᠢ ᠱᠦᠵᠢ ᠰᠢ ᠶᠢᠨ ᠫᠢᠩ | ᠪᠣᠯᠤᠨ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩ | ᠰᠡᠳᠬᠢᠯ ᠤᠨ ᠬᠦᠰᠡᠯ ᠨᠠᠶᠢᠳᠠᠯᠭ᠎ᠠ ᠶᠢ ᠠᠭᠤᠯᠵᠤ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠠᠷᠠᠳ ᠲᠦᠮᠡᠨ ᠢ ᠳᠠᠭᠠᠭᠤᠯᠤᠨ ᠬᠦᠴᠦ ᠪᠠᠨ ᠬᠠᠮᠲᠤᠳᠬᠠᠨ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠂ ᠡᠯ᠎ᠡ ᠠᠵᠢᠯ ᠲᠦᠷᠦᠯ ᠤᠨ ᠪᠦᠳᠦᠭᠡᠨ ᠪᠠᠶᠢᠭᠤᠯᠤᠭᠴᠢ᠂ ᠬᠤᠪᠢ ᠨᠡᠮᠡᠷᠢ ᠦᠵᠡᠭᠦᠯᠦᠭᠴᠢᠳ ᠬᠠᠮᠲᠤ ᠪᠠᠷ ᠬᠦᠴᠦ ᠬᠥᠯᠥᠰᠥ ᠪᠠᠨ ᠤᠷᠤᠰᠬᠠᠨ | ᠂ ᠬᠠᠮᠲᠤ ᠪᠠᠷ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠮᠥᠨ ᠭᠡᠵᠡᠢ᠃ ᠾᠧ ᠬᠠᠢ ᠳ᠋ᠦᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠪᠦᠬᠦ | ᠬᠤᠲᠠ ᠶᠢᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ | ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ ᠪᠠ ᠡᠯ᠎ᠡ ᠠᠷᠠᠳ ᠤᠨ ᠪᠦᠯᠬᠦᠮ᠂ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠦᠨᠳᠦᠳᠬᠡᠯ ᠢᠶᠠᠨ ᠢᠯᠡᠷᠬᠡᠶᠢᠯᠡᠵᠡᠢ︕ | ᠾᠧ ᠬᠠᠶ ᠳ᠋ᠦᠩ ᠬᠡᠯᠡᠬᠦ ᠳᠡᠭᠡᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠣᠨ᠎ᠠ᠂ ᠪᠠᠰᠠ ᠴᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠬᠢᠯᠡᠯᠲᠡ ᠶᠢᠨ ᠵᠢᠯ ᠪᠣᠯᠣᠨ᠎ᠠ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠨᠢᠭᠡ ᠭᠤᠤᠯ ᠱᠤᠭᠤᠮ | ︾ ᠢ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ | ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠪᠥᠬᠦ ᠬᠦᠴᠦᠨ ᠢᠶᠠᠷ ᠢᠶᠠᠨ | ᠬᠡᠷᠡᠭᠵᠢᠭᠦᠯᠦᠯᠲᠡ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ | ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠨ᠎ᠠ ᠭᠡᠵᠡᠶ᠃ | ᠾᠧ ᠬᠠᠢ ᠳ᠋ᠦᠩ ᠢᠯᠡᠳᠬᠡᠯ ᠳᠡᠭᠡᠨ ᠳᠤᠷᠠᠳᠤᠭᠰᠠᠨ 2025 ᠣᠨ ᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7. | 5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠦᠨ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 12% ᠣᠷᠴᠢᠮ ᠨᠡᠮᠡᠭᠳᠡᠭᠦᠯᠵᠦ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠦᠨ᠎ᠡ᠃ ᠭᠤᠣᠯᠳᠠᠯᠭ᠎ᠠ ᠲᠠᠢ ᠲᠥᠷᠥᠯ ᠵᠦᠢᠯ ᠢ 1200 ᠭᠠᠷᠤᠢ | ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ ᠢ 400 ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ 2025 ᠣᠨ ᠳᠤ᠂ | ᠬᠥᠬᠡᠬᠤᠲᠠ ᠶᠢᠨ ᠬᠢᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠨ᠎ᠠ᠄ ᠨᠢᠭᠡ ᠳᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ | ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠦᠨ ᠤ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠣᠭᠤᠭᠠᠨ ᠴᠠᠬᠢᠯᠭᠠᠨ | ᠬᠦᠴᠦᠨ ᠢᠶᠠᠷ ᠤᠳᠤᠷᠢᠳᠤᠮᠵᠢ ᠪᠣᠯᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ | ᠰᠠᠭᠤᠷᠢ᠂ ᠴᠠᠬᠢᠭᠤᠷ ᠰᠠᠭᠤᠷᠢ ᠮᠠᠲ᠋ᠧᠷᠢᠶᠠᠯ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠠᠮᠢᠳᠤ ᠪᠣᠳᠠᠰ ᠤᠨ ᠸᠠᠺᠼᠢᠨ᠂ ᠨᠡᠶᠢᠯᠡᠮᠡᠯ ᠠᠮᠢᠳᠤ ᠪᠣᠳᠠᠰ ᠢᠶᠠᠷ ᠣᠨᠴᠠᠯᠢᠭ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠢ | ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ᠂ ᠬᠢᠮᠡᠯ ᠣᠶᠤᠨ ᠢᠶᠠᠷ ᠲᠤᠯᠭᠠᠭᠤᠷᠢᠯᠠᠯ ᠪᠣᠯᠭᠠᠭᠰᠠᠨ ᠰᠢᠨ᠎ᠡ ᠨᠢᠭᠡ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠳᠣᠤᠷ᠎ᠠ ᠣᠭᠲᠠᠷᠭᠤᠢ ᠶᠢᠨ ᠠᠵᠤ ᠠᠬᠤᠶ᠂ ᠰᠠᠨᠰᠠᠷ | ᠠᠶᠠᠯᠠᠯ ᠢᠶᠠᠷ ᠲᠥᠯᠥᠭᠡᠯᠡᠭᠦᠯᠦᠭᠰᠡᠨ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠬᠤᠶᠠᠷ ᠲᠤ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠠᠪᠠᠭᠤᠯᠢᠭ ᠢ ᠦᠷᠭᠦᠯᠵᠢᠯᠡᠨ ᠪᠤᠢ ᠪᠣᠯᠭᠠᠨ᠎ᠠ᠃ ᠣᠯᠠᠨ ᠡᠰᠢᠲᠦ ᠬᠡᠷᠡᠭᠯᠡᠭᠡ ᠶᠢ | ᠭᠦᠨᠵᠡᠭᠡᠶ ᠥᠷᠭᠡᠳᠬᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠷᠭᠡᠳᠬᠡᠨ᠎ᠡ᠃ ᠭᠤᠷᠪᠠ ᠳᠤ᠂ | ᠲᠥᠪ ᠬᠤᠲᠠ ᠶᠢᠨ ᠡᠨᠧᠷᠭᠢ ᠶᠢᠨ ᠲᠠᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠣᠷᠣᠨ ᠤ ᠲᠥᠪ ᠬᠤᠲᠠ ᠶᠢᠨ ᠨᠥᠯᠥᠭᠡᠯᠡᠬᠦ ᠴᠢᠳᠠᠪᠤᠷᠢ ᠶᠢ ᠨᠡᠮᠡᠭᠳᠡᠭᠦᠯᠦᠨ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠲᠦᠷᠪᠡ ᠳᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠶᠢ ᠬᠦᠴᠦᠲᠡᠢ ᠪᠠᠬᠢᠵᠢᠭᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠲᠠᠷᠢᠶᠠᠯᠠᠩ ᠤᠨ ᠠᠵᠤ | ᠦᠢᠯᠡᠰ ᠢ ᠬᠥᠭᠵᠢᠭᠦᠯᠦᠨ ᠮᠠᠨᠳᠤᠭᠤᠯᠵᠤ᠂ ᠲᠣᠰᠬᠤᠨ ᠤ ᠣᠷᠤᠨ ᠰᠠᠭᠤᠴᠠ ᠶᠢᠨ ᠣᠷᠴᠢᠨ ᠨᠥᠬᠦᠴᠡᠯ ᠢ ᠰᠢᠯᠢᠲᠡᠭᠵᠢᠭᠦᠯᠦᠨᠡ᠃ ᠲᠠᠪᠤ ᠳᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠭᠠᠷ | ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠣᠷᠣᠨ ᠤ ᠲᠥᠪ ᠬᠤᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ | ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠬᠥᠷᠥᠰᠥ ᠰᠢᠷᠣᠢ ᠶᠢᠨ ᠪᠣᠬᠢᠷᠲᠤᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠵᠠᠰᠠᠨ᠎ᠠ᠃ ᠵᠢᠷᠭᠤᠭ᠎ᠠ ᠳᠤ᠂ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠲᠡ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠠᠰᠠᠯᠲᠠ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠴᠢᠩᠭ᠎ᠠ ᠠᠩᠬᠠᠷᠴᠤ᠂ ᠥᠭᠡᠷᠡᠴᠢᠯᠡᠯᠲᠡ ᠶᠢᠨ ᠵᠦᠢᠯᠡᠰ ᠢ ᠪᠦᠬᠦ ᠬᠦᠴᠦᠨ ᠢᠶᠠᠷ ᠢᠶᠠᠨ | ᠨᠠᠶᠢᠳᠠᠪᠤᠷᠢᠵᠢᠭᠤᠯᠤᠨ᠎ᠠ᠃ ᠲᠤᠯᠤᠭ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠢ ᠴᠢᠩᠭᠠᠷᠠᠭᠤᠯᠤᠨ᠎ᠠ᠃ ᠰᠤᠳᠤᠯᠤᠨ | ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ︽ᠪᠦᠰᠡᠯᠡᠯᠲᠡ ᠰᠢᠪᠲᠤᠯᠬᠤ︾ ᠰᠢᠪᠲᠤᠯᠤᠯᠲᠠ ᠶᠢᠨ ᠠᠵᠢᠯ ᠢ ᠴᠢᠩᠭᠠᠳᠬᠠᠨ᠎ᠠ᠃ | ᠨᠠᠢᠮᠠ ᠳᠤ᠂ ᠠᠷᠠᠳ ᠤᠨ ᠠᠮᠢᠳᠤᠷᠠᠯ ᠤᠨ ᠦᠢᠯᠡᠰ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠨ᠎ᠡ᠃ ᠠᠵᠢᠯ ᠣᠯᠭᠤᠯᠲᠠ ᠶᠢ ᠭᠦᠢᠴᠡᠳ ᠪᠠᠲᠤᠯᠠᠵᠤ᠂ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠥᠪ ᠬᠤᠲᠠ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠰᠠᠬᠢᠨ ᠬᠠᠮᠠᠭᠠᠯᠠᠨ᠎ᠠ᠃ | ᠶᠢᠰᠦ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠤᠭᠤᠳᠴᠤ᠂ ᠬᠠᠤᠯᠢᠵᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠳᠤᠷᠢᠳᠤᠮᠵᠢ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠪᠠᠷ | ᠭᠤᠣᠯ ᠪᠣᠯᠭᠠᠵᠤ᠂ ᠠᠷᠢᠭᠤᠨ ᠴᠢᠬᠡᠴᠢ ᠪᠠᠶᠢᠬᠤ ᠪᠠᠷ ᠬᠤᠷᠢᠭ᠎ᠠ ᠱᠤᠭᠤᠮ ᠪᠣᠯᠭᠠᠵᠤ᠂ ᠭᠠᠷᠭᠠᠭᠰᠠᠨ ᠤᠳᠠᠭ᠎ᠠ ᠪᠦᠷᠢ ᠶᠢᠨ ᠰᠢᠢᠳᠪᠦᠷᠢᠲᠦ ᠪᠤᠳᠤᠯᠭ᠎ᠠ᠂ ᠠᠬᠢᠭᠤᠯᠤᠭᠰᠠᠨ ᠠᠵᠢᠯ | ᠨᠢᠭᠡᠪᠦᠷᠢ ᠶᠢ ᠴᠥᠮ ᠲᠡᠦᠬᠡ ᠶᠢᠨ ᠰᠢᠯᠭᠠᠯᠲᠠ᠂ ᠦᠢᠯᠡᠳᠦᠯᠭᠡ ᠶᠢᠨ ᠰᠢᠯᠭᠠᠯᠲᠠ᠂ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃ | ᠾᠧ ᠬᠠᠢ ᠳ᠋ᠦᠩ ᠢᠯᠡᠳᠬᠡᠯ ᠤᠨ ᠢᠶᠠᠨ ᠡᠴᠦᠰ ᠲᠤ ᠬᠡᠯᠡᠬᠦ ᠳᠡᠭᠡᠨ᠂ ᠤᠷᠤᠭᠰᠢᠯᠠᠪᠠᠯ ᠯᠠᠪᠲᠠᠶ ᠨᠠᠩ ᠭᠤᠶᠣ ᠦᠵᠡᠮᠵᠢ ᠶᠢ ᠣᠯᠵᠤ ᠦᠵᠡᠨ᠎ᠡ᠂ ᠴᠢᠷᠮᠠᠶᠢᠨ ᠲᠡᠮᠡᠴᠡᠪᠡᠯ ᠰᠠᠶ᠋ᠢ | ᠴᠠᠭ ᠦᠶ᠎ᠡ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠣᠰᠣᠭᠠᠷ᠂ ᠬᠠᠷᠠᠯᠲᠠ ᠪᠠᠨ ᠲᠣᠭᠲᠠᠭᠠᠨ ᠬᠥᠭᠵᠢᠯᠲᠡ ᠶᠢ ᠠᠳᠬᠤᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | ᠬᠤᠷᠠᠯ ᠤᠨ ᠬᠥᠲᠥᠯᠪᠦᠷᠢ ᠶᠢ ᠦᠨᠳᠦᠰᠦᠯᠡᠨ᠂ ᠬᠤᠷᠠᠯ ᠠᠴᠠ ︽ᠬᠥᠬᠡᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ | ᠮᠡᠳᠡᠭᠦᠯᠦᠯᠲᠡ︾᠂ ︽ᠬᠥᠬᠡᠬᠤᠲᠠ ᠶᠢᠨ 2024 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ︾ ᠶᠢ | ᠬᠢᠨᠠᠨ ᠪᠠᠶᠢᠴᠠᠭᠠᠪᠠ᠃ ︽ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ | ᠰᠣᠩᠭᠤᠭᠤᠯᠢ ᠶᠢᠨ ᠠᠷᠭ᠎ᠠ ︵ᠲᠥᠰᠦᠯ︶︾ ᠤᠨ ᠲᠣᠳᠣᠷᠬᠠᠶᠢᠯᠠᠯᠲᠠ ᠶᠢ ᠰᠣᠨᠣᠰᠪᠠ᠃ | ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ ᠠᠴᠠ ᠭᠠᠳᠠᠨ᠎ᠠ ᠪᠠᠰᠠ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠬᠥᠬᠡᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠥᠬᠦ ᠭᠡᠰᠢᠭᠦᠳ ᠪᠠ ᠰᠤᠯᠠ ᠣᠷᠣᠯᠴᠠᠭᠰᠠᠳ ᠪᠠᠭᠲᠠᠪᠠ᠃ | |