ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2025/1/7
ᠪᠣᠣ ᠭᠠᠩ ᠾᠧ ᠬᠠᠢ ᠳ᠋ᠦᠩ ᠼᠦᠢ ᠵᠧᠨ ᠦ᠋ ᠬᠤᠷᠠᠯ ᠳᠤ ᠣᠷᠣᠯᠴᠠᠵᠤ  ᠼᠦᠢ ᠵᠧᠨ ᠦ᠋ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
0107.jpg
            1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠲᠡᠭᠦᠰᠪᠡ᠃ ᠵᠢᠷᠤᠭ ᠪᠤᠯ ᠶᠡᠭᠡ ᠬᠤᠷᠠᠯ ᠤᠨ ᠠᠬᠤᠢ ᠲᠠᠯᠠᠪᠠᠢ ᠪᠤᠯᠤᠨ᠎ᠠ᠃ ᠰᠣᠷᠪᠤᠯᠵᠢᠯᠠᠬᠴᠢ ᠸᠠᠩ ᠱᠣᠣ ᠺᠠᠢ ᠰᠠᠭᠦᠲᠠᠷᠯᠠᠪᠠ            ︵ᠰᠤᠷᠪᠤᠯᠵᠢᠯᠠᠭᠴᠢ ᠯᠢᠦ ᠱᠠ ᠱᠠ︶ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠨ ᠰᠢᠨ᠎ᠡ ᠠᠶᠠᠨ ᠢᠶᠠᠨ ᠬᠠᠮᠲᠤ ᠪᠠᠷ ᠡᠬᠢᠯᠡᠭᠦᠯᠦᠨᠡᠮ᠃ 1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠲᠡᠭᠦᠰᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠦ᠋ ᠲᠡᠭᠦᠰᠬᠦ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠵᠧᠨ ᠸᠧᠶ᠂ ᠯᠢ ᠰᠢᠶᠤᠤ ᠳ᠋ᠦᠩ᠂ ᠰᠦᠸᠧ ᠶᠢᠩ ᠵᠢᠶᠦ᠋ᠨ᠂ ᠯᠢ ᠸᠧᠨ ᠭᠧ᠂ ᠭᠤᠤ ᠷᠦᠢ ᠵᠢᠶᠦ᠋ᠨ᠂ ᠯᠢᠦ ᠵᠢᠶᠠᠨ ᠭᠦᠸᠧ᠂ ᠮᠠ ᠪᠢᠩ ᠴᠢᠤᠸᠠᠨ᠂ ᠪᠠᠭᠠᠲᠤᠷ᠂ ᠦ᠋ ᠴᠧᠩ ᠢ᠂ ᠨᠠᠷᠢᠨ ᠪᠢᠴᠢᠭ ᠤᠨ ᠳᠠᠷᠤᠭ᠎ᠠ ᠸᠠᠩ ᠪᠦᠦ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠲᠡᠷᠢᠭᠦᠯᠡᠭᠴᠢ ᠶᠢᠨ ᠲᠠᠶᠢᠰᠠᠨ ᠳᠤ ᠪᠠᠰᠠ ᠰᠦᠨ ᠬᠤᠤ᠂ ᠯᠢ ᠵᠢᠶᠦ᠋ᠨ᠂ ᠴᠢᠶᠣᠤ ᠢᠦᠶ ᡂᠢ᠂ ᠯᠢᠦ ᠵᠢᠶ ᠶᠢᠩ᠂ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠶ ᠲᠢᠶᠠᠨ᠂ ᠵᠣᠣ ᠶᠠᠨ ᠷᠦ᠂ ᠦ᠋ ᠸᠧᠨ ᠮᠢᠩ᠂ ᠯᠠᠨ ᠹᠧᠩ᠂ ᠵᠠᠩ ᠵᠥᠩ ᠳ᠋ᠦᠩ᠂ ᠶᠦᠨ ᠢᠦᠶ ᠮᠧᠶ᠂ ᠶᠠᠩ ᠰᠢᠩ ᠱᠧᠩ᠂ ᠵᠠᠩ ᠺᠧ ᠯᠢᠩ᠂ ᠸᠠᠩ ᠰᠢᠨ ᠢᠦᠶ᠂ ᠨᠢᠤ ᠹᠠᠩ ᠽᠧ᠂ ᠵᠢᠶᠤᠤ ᠬᠤᠩ᠂ ᠹᠦ᠋ ᠶᠢᠨ ᠽᠠᠢ᠂ ᠲᠠᠯ᠎ᠠ᠂ ᠭᠤᠤ ᠬᠠᠨ᠂ ᠵᠦ ᠵᠢᠶᠠᠨ ᠭᠦᠸᠧ᠂ ᠵᠣᠣ ᠰᠢ ᠮᠢᠨ᠂ ᠵᠠᠩ ᠰᠢᠶᠤᠤ ᠬᠤᠩ᠂ ᠼᠤᠤ ᠬᠤᠩ᠂ ᠶᠠᠩ ᠣᠷᠳᠤ᠂ ᠯᠢᠦ ᠵᠠᠨ ᠶᠢᠩ᠂ ᠯᠢᠦ ᠶᠠᠩ ᠶᠠᠩ ᠵᠡᠷᠭᠡ ᠤᠳᠤᠷᠢᠳᠬᠤ ᠨᠥᠬᠦᠳ ᠰᠠᠭᠠᠲᠠᠵᠠᠢ᠃      ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 320 ᠬᠥᠮᠦᠨ᠂ ᠪᠣᠳᠠᠲᠠᠶ ᠣᠷᠣᠯᠴᠠᠭᠰᠠᠨ ᠭᠡᠰᠢᠭᠦᠨ 308 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃      ᠼᠦᠢ ᠵᠧᠨ ᠦ᠋ ᠶᠠᠷᠢᠶᠠᠨ ᠳᠠᠭᠠᠨ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠭᠡᠰᠢᠭᠦᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠬᠥᠬᠡᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠪᠠ ᠲᠡᠭᠦᠰᠬᠦ ᠶᠤᠰᠤᠯᠠᠯ ᠳᠤ ᠣᠷᠣᠯᠴᠠᠵᠤ᠂ ᠳᠤᠭᠤᠶᠢᠯᠠᠩ ᠬᠠᠮᠲᠤᠷᠠᠭᠰᠠᠨ ᠬᠤᠷᠠᠯ᠂ ᠳᠤᠭᠤᠶᠢᠯᠠᠩ ᠬᠤᠪᠢᠶᠠᠨ ᠶᠠᠷᠢᠯᠴᠠᠵᠤ ᠳᠤ ᠤᠷᠤᠯᠴᠠᠨ᠂ ᠶᠡᠭᠡ ᠬᠤᠷᠠᠯ ᠤᠨ ᠶᠠᠷᠢᠶ᠎ᠠ ᠶᠢ ᠰᠣᠨᠣᠰᠴᠤ᠂ ᠭᠡᠰᠢᠭᠦᠳ ᠲᠠᠢ ᠬᠠᠮᠲᠤ ᠪᠠᠷ ᠬᠥᠭᠵᠢᠯᠲᠡ ᠶᠢᠨ ᠶᠡᠭᠡ ᠪᠤᠳᠤᠯᠭ᠎ᠠ ᠶᠢ ᠵᠥᠪᠯᠡᠵᠦ᠂ ᠥᠭᠡᠷᠡᠴᠢᠯᠡᠯᠲᠡ ᠶᠢᠨ ᠰᠠᠶᠢᠨ ᠪᠤᠳᠤᠯᠭ᠎ᠠ ᠶᠢ ᠵᠥᠪᠳᠡᠪᠡ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠯᠡᠳᠬᠡᠯ ᠢ ᠭᠦᠨᠵᠡᠭᠡᠢ ᠶᠠᠷᠢᠯᠴᠠᠵᠤ᠂ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠠᠷᠠᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠥᠭᠵᠢᠯᠲᠡ ᠳᠤ ᠦᠢᠯᠡᠴᠢᠯᠡᠵᠦ᠂ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠪᠠ᠃ ᠡᠨᠡ ᠪᠣᠯ ᠨᠢᠭᠡ ᠤᠳᠠᠭᠠᠨ ᠤ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠬᠥᠮᠦᠰ ᠤᠨ ᠰᠡᠳᠬᠢᠯ ᠢ ᠬᠥᠭᠵᠢᠭᠡᠭᠰᠡᠨ ᠶᠡᠭᠡ ᠬᠤᠷᠠᠯ ᠮᠥᠨ᠂ ᠮᠦᠨ ᠴᠦ ᠨᠢᠭᠡ ᠤᠳᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠦᠨ᠂ ᠡᠷᠴᠢ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠭᠰᠡᠨ ᠶᠡᠭᠡ ᠬᠤᠷᠠᠯ ᠮᠥᠨ᠃      ᠼᠦᠢ ᠵᠧᠨ ᠦ᠋ ᠬᠡᠯᠡᠬᠦ ᠳᠡᠭᠡᠨ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢᠬᠢ ᠠᠵᠢᠯ ᠤᠨ ᠠᠮᠵᠢᠯᠲᠠ ᠶᠢ ᠳ᠋ᠦᠩᠨᠡᠵᠦ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠡᠵᠡᠮᠰᠢᠬᠦ ᠴᠢᠬᠤᠯᠠᠲᠠᠢ ᠬᠦᠴᠦᠯᠡᠬᠦ ᠴᠡᠭ ᠢ ᠲᠣᠳᠣᠷᠬᠠᠶᠢᠯᠠᠵᠤ᠂ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠪᠠ᠃ ᠪᠦᠬᠦ ᠬᠤᠳᠠ ᠶᠢᠨ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠢ ᠪᠣᠯᠣᠨ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠠᠷᠢᠭᠤᠴᠠᠯᠭ᠎ᠠ ᠡᠭᠦᠷᠭᠡᠯᠡᠨ ᠵᠢᠳᠭᠦᠨ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠩ ᠡᠷᠡᠰ ᠪᠠᠲᠤ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠡᠩ ᠬᠦᠴᠦᠯᠡᠨ ᠴᠢᠷᠮᠠᠶᠢᠵᠤ ᠪᠠᠶᠢᠭᠠᠳ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠤᠷᠤᠨ ᠤ ᠲᠥᠪ ᠬᠤᠲᠠ ᠶᠢᠨ ᠤᠴᠢᠷ ᠶᠠᠪᠤᠳᠠᠯ ᠢ ᠰᠠᠶᠢᠲᠤᠷ ᠬᠢᠬᠦ ᠳᠡᠭᠡᠷ᠎ᠡ ᠨᠢᠭᠲᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠼᠦᠢ ᠵᠧᠨ ᠦ᠋ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠲᠥᠷᠥ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠨ ᠪᠠᠲᠤᠯᠠᠭ᠎ᠠ ᠪᠣᠯᠭᠠᠬᠤ ᠬᠡᠷᠡᠭᠲᠡᠶ᠃ ︽ᠤᠯᠤᠰ ᠤᠨ ᠶᠡᠭᠡ ᠶᠠᠪᠤᠳᠠᠯ︾ ᠢ ᠢᠮᠠᠭᠲᠠ ᠰᠡᠳᠬᠢᠯ ᠳᠡᠭᠡᠨ ᠪᠤᠳᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ ᠢ ᠴᠢᠩᠭᠠᠳᠬᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠭᠤᠣᠯ ᠶᠡᠭᠡ ᠲᠠᠯ᠎ᠠ ᠳᠤ ᠦᠢᠯᠡᠴᠢᠯᠡᠵᠦ᠂  ᠭᠤᠤᠯᠳᠤᠯᠭ᠎ᠠ ᠶᠢᠨ ᠠᠵᠢᠯ ᠢ ᠬᠠᠮᠢᠭ᠎ᠠ ᠪᠠᠶᠢᠪᠠᠯ᠂ ᠤᠯᠤᠰ ᠲᠦᠷᠦ ᠶᠢᠨ ᠵᠥᠪᠯᠡᠯᠭᠡᠨ ᠡᠭᠦᠷᠭᠡ ᠬᠠᠷᠢᠭᠤᠴᠠᠯᠭ᠎ᠠ ᠪᠠᠨ ᠲᠡᠨᠳᠡ ᠭᠦᠢᠴᠡᠳᠭᠡᠭᠦ ᠶᠢ ᠪᠠᠷᠢᠮᠲᠠᠯᠠᠵᠤ᠂ ᠬᠥᠭᠵᠢᠯᠲᠡ ᠶᠢ ᠠᠬᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠤᠤᠷᠢᠶᠠᠯᠠᠨ ᠤᠷᠢᠶᠠᠯᠠᠬᠤ ᠪᠠᠷ ᠴᠢᠷᠮᠠᠶᠢᠬᠤ ᠬᠡᠷᠡᠭᠲᠡᠢ᠃ ᠬᠥᠮᠦᠰ ᠤᠨ ᠰᠡᠳᠭᠢᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠭᠤᠰᠤᠯᠴᠠᠭᠤᠯᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠠᠷᠠᠳᠴᠢᠯᠠᠯ ᠢ ᠪᠠᠳᠠᠷᠠᠭᠤᠯᠤᠨ ᠪᠦᠯᠬᠦᠮᠳᠡᠯ ᠢ ᠠᠬᠢᠭᠤᠯᠬᠤ᠂ ᠵᠥᠷᠢᠴᠡᠯ ᠢ ᠨᠠᠮᠳᠠᠭᠤᠯᠵᠤ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠪᠦᠯᠬᠦᠮᠳᠡᠨ ᠲᠡᠮᠡᠴᠡᠬᠦ ᠶᠢ ᠢᠯᠡ ᠲᠣᠳᠣ ᠰᠠᠭᠤᠷᠢ ᠦᠩᠬᠡ ᠪᠣᠯᠭᠠᠬᠤ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠭᠦᠨᠵᠡᠭᠡᠶᠢᠷᠡᠭᠦᠯᠵᠦ᠂ ᠭᠦᠨᠵᠡᠭᠡᠢ ᠵᠥᠪᠳᠡᠯᠴᠡᠨ ᠦᠢᠯᠡᠳᠦᠯᠴᠡᠬᠦ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠲᠠᠯ᠎ᠠ ᠪᠠᠷ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠩᠭᠠᠳᠬᠠᠬᠤ ᠲᠠᠯ᠎ᠠ ᠪᠠᠷ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠴᠢᠷᠮᠠᠶᠢᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠶᠠᠰᠤ ᠴᠢᠨᠠᠷ ᠤᠨ ᠪᠠᠷᠢᠮᠵᠢᠶ᠎ᠠ ᠶᠢ ᠪᠤᠢ ᠪᠣᠯᠭᠠᠵᠤ᠂ ᠰᠠᠶᠢᠨ ᠰᠠᠶᠢᠬᠠᠨ ᠲᠦᠷᠢ ᠲᠥᠷᠬᠦ ᠶᠢ ᠴᠤᠭᠴᠠᠯᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠤᠯᠤᠰ ᠲᠦᠷᠦ ᠶᠢᠨ ᠵᠥᠪᠯᠡᠯᠭᠡᠨ ᠢ ᠭᠡᠰᠢᠭᠦᠳ ᠤᠨ ᠦᠷᠭᠦᠭᠡ᠂ ᠠᠷᠠᠳᠴᠢᠯᠠᠯ ᠤᠨ ᠦᠷᠭᠦᠭᠡ᠂ ᠪᠦᠯᠬᠦᠮᠳᠡᠯ ᠤᠨ ᠦᠷᠭᠦᠭᠡ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ ᠭᠡᠪᠡ᠃      ᠼᠦᠢ ᠵᠧᠨ ᠦ᠋ ᠬᠡᠯᠡᠬᠦ ᠳᠡᠭᠡᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠭᠤᠣᠯᠳᠠᠯᠭ᠎ᠠ ᠶᠢᠨ ᠲᠣᠭᠤᠷᠢᠨ ᠳᠤ ᠦᠨᠡᠨ ᠦᠭᠡ ᠬᠡᠯᠡᠵᠦ᠂ ᠶᠡᠭᠡ ᠲᠠᠯ᠎ᠠ ᠳᠤ ᠦᠢᠯᠡᠴᠢᠯᠡᠵᠦ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠡᠢ᠃      ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠨ᠂ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠵᠥᠪᠯᠡᠯᠭᠡ ᠠᠷᠠᠳᠴᠢᠯᠠᠭᠰᠠᠨ ᠵᠠᠯᠠᠭᠤᠴᠤᠳ ᠪᠠᠭᠠᠴᠤᠳ ᠤᠨ ᠠᠵᠢᠭᠯᠠᠭᠴᠢᠳ ᠵᠡᠷᠭᠡ ᠬᠤᠯᠪᠣᠭᠳᠠᠯ ᠪᠥᠬᠦᠶ ᠨᠥᠬᠦᠳ ᠬᠤᠷᠠᠯ ᠳᠤ ᠰᠤᠯᠠ ᠣᠷᠣᠯᠴᠠᠪᠠ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ