︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠨ᠎ᠡ ᠬᠤᠲᠠ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ | ᠬᠢᠨᠠᠨ ᠵᠥᠪᠯᠡᠬᠦ ᠳᠤᠮᠳᠠ᠂ ᠪᠠᠪᠦ᠂ ᠯᠢᠦ ᠶᠢᠨ ᠬᠤ᠋᠂ ᠸᠠᠨ ᠰᠢᠶᠤᠤ ᠬᠤᠩ᠂ ᠯᠢ ᠾᠧᠩ ᠪᠢᠶᠤᠤ᠂ ᠯᠢᠦ ᠯᠢ ᠬᠤᠩ ᠵᠡᠷᠭᠡ ᠲᠥᠯᠥᠭᠡᠯᠡᠭᠴᠢ ᠲᠣᠰ ᠲᠣᠰ ᠤᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃ ᠪᠣᠣ ᠭᠠᠩ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ | ᠪᠣᠣ ᠭᠠᠩ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠦᠬᠦ ᠬᠤᠳᠠ ᠶᠢᠨ ᠥᠭᠡᠷᠡᠴᠢᠯᠡᠯᠲᠡ ᠬᠥᠭᠵᠢᠯᠲᠡ ᠪᠣᠯᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠳᠤ | ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ ᠬᠡᠯᠡᠬᠦ ᠳᠡᠭᠡᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠮᠡᠳᠡᠭᠦᠯᠦᠯᠲᠡ ᠪᠣᠯ ᠭᠤᠣᠯ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠯ ᠢ ᠢᠯᠡᠷᠡᠭᠦᠯᠦᠭᠰᠡᠨ | ᠰᠠᠶᠢᠨ ᠮᠡᠳᠡᠭᠦᠯᠦᠯᠲᠡ ᠮᠦᠨ᠃ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠬᠠᠤᠯᠢᠵᠢᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠤᠨ | ᠲᠥᠯᠥᠭᠡ ᠬᠠᠤᠯᠢ ᠪᠠᠷᠢᠬᠤ ᠶᠢ ᠢᠯᠡᠷᠡᠭᠦᠯᠵᠦ᠂ ᠪᠢ ᠪᠦᠷᠢᠮᠦᠰᠦᠨ ᠵᠥᠪᠰᠢᠶᠡᠷᠡᠨ᠎ᠡ ᠭᠡᠪᠡ᠃ | ᠪᠣᠣ ᠭᠠᠩ ᠬᠡᠯᠡᠬᠦ ᠳᠡᠭᠡᠨ᠂ ᠰᠢᠨ᠎ᠡ ᠬᠤᠳᠠ ᠶᠢᠨ ᠲᠣᠭᠤᠷᠢᠭ ᠪᠣᠯ ᠣᠷᠣᠨ ᠤ ᠲᠥᠪ ᠤᠨ ᠭᠤᠣᠯ ᠬᠤᠳᠠ ᠶᠢᠨ ᠲᠣᠭᠤᠷᠢᠭ ᠪᠣᠯᠬᠤ ᠪᠥᠭᠡᠳ ᠠᠵᠤ ᠠᠬᠤᠢ ᠶᠢᠨ ᠲᠤᠮᠤ | ᠲᠣᠭᠤᠷᠢᠭ ᠪᠣᠯᠣᠨ᠎ᠠ᠂ ᠰᠠᠭᠤᠷᠢ ᠨᠥᠬᠦᠴᠡᠯ ᠨᠢ ᠮᠠᠰᠢ ᠰᠠᠶᠢᠨ᠃ ︽ᠭᠤᠷᠪᠠᠨ ᠥᠨᠳᠥᠷ ᠨᠢᠭᠡ ᠪᠣᠬᠢᠷᠲᠤᠯ ᠦᠭᠡᠢ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠠᠵᠠ ᠲᠣᠬᠢᠶᠠᠯ ᠢ ᠠᠮᠵᠢᠵᠤ᠂ ᠡᠯ᠎ᠡ ᠲᠦᠷᠦᠯ ᠤᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ | ︽ᠬᠦᠯᠢᠶᠡᠵᠦ ᠳᠡᠶᠢᠯᠬᠦ ᠦᠭᠡᠢ᠂ ᠤᠳᠠᠭᠠᠰᠢᠷᠠᠭᠤᠯᠵᠤ ᠪᠣᠯᠬᠤ ᠦᠭᠡᠢ᠂ ᠰᠠᠭᠤᠵᠤ ᠳᠡᠶᠢᠯᠬᠦ ᠦᠭᠡᠢ︾ ᠲᠤᠯᠭᠠᠮ᠎ᠠ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠬᠤ | ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠳᠡᠭᠡᠷ᠎ᠡ ᠬᠦᠴᠦ ᠲᠠᠯᠪᠢᠵᠤ᠂ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠲᠣᠳᠣᠷᠬᠠᠶᠢᠯᠠᠨ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠵᠠᠮ ᠬᠠᠷᠢᠯᠴᠠᠭ᠎ᠠ ᠳᠥᠭᠦᠮ ᠳᠥᠲᠡ᠂ ᠠᠮᠢᠳᠤᠷᠠᠯ ᠤᠨ ᠢᠵᠢ | ᠪᠦᠷᠢᠳᠦᠭᠦᠯᠦᠯᠲᠡ ᠲᠡᠭᠦᠰ ᠲᠡᠭᠦᠯᠳᠡᠷ ᠵᠡᠷᠭᠡ ᠳᠠᠪᠠᠭᠤᠯᠢᠭ ᠢ ᠪᠠᠳᠠᠷᠠᠭᠤᠯᠤᠨ᠂ ᠲᠤᠭ᠎ᠠ ᠪᠠᠷᠢᠮᠲᠠ ᠶᠢᠨ ᠦᠢᠯᠡᠴᠢᠯᠡᠭᠡ᠂ ᠪᠤᠳᠤᠬᠤ ᠠᠷᠭ᠎ᠠ ᠶᠢᠨ ᠫᠷᠤᠭ᠍ᠷᠠᠮ᠂ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠥᠨᠳᠥᠷ ᠨᠡᠮᠡᠯᠲᠡ ᠥᠷᠲᠡᠭ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠡᠷᠮᠢᠴᠡ ᠳᠠᠪᠠᠭᠤᠯᠢᠭ ᠢ ᠪᠣᠶ ᠪᠣᠯᠭᠠᠨ᠂ | ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠷ ᠭᠤᠶᠤᠴᠢᠯᠠᠨ | ᠮᠡᠳᠡᠭᠦᠯᠬᠦ ᠬᠡᠷᠡᠭᠲᠡᠶ᠃ ᠶᠡᠷᠦᠩᠬᠡᠢ ᠬᠡᠯᠲᠡᠰ ᠤᠨ ᠠᠵᠤ ᠠᠬᠤᠢ᠂ ᠠᠰᠠᠷ ᠲᠠᠭᠲᠤ ᠶᠢᠨ ᠠᠵᠤ ᠠᠬᠤᠢ ᠶᠢ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠶᠡᠷᠦᠩᠬᠡᠢ ᠬᠡᠯᠲᠡᠰ ᠤᠨ ᠲᠦᠷᠦᠯ | ᠵᠦᠢᠯ ᠢ ᠢᠳᠡᠪᠬᠢᠲᠡᠢ ᠵᠣᠯᠭᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠨ ᠲᠦᠪᠯᠡᠷᠡᠯ ᠢ ᠴᠢᠩᠭᠠᠳᠬᠠᠵᠤ᠂ ᠠᠶᠠᠨᠴᠢᠳ ᠤᠨ ᠵᠡᠭᠦᠨ ᠦᠷᠳᠡᠭᠡ ᠶᠢᠨ | ᠡᠮᠦᠨ᠎ᠡ ᠬᠤᠶᠢᠨ᠎ᠠ ᠠᠭᠤᠳᠠᠮ ᠲᠠᠯᠠᠪᠠᠢ ᠶᠢᠨ ᠰᠤᠯᠠ ᠪᠠᠶᠢᠭ᠎ᠠ ᠠᠰᠠᠷ ᠤᠨ ᠬᠤᠳᠠᠯᠳᠤᠭᠠᠴᠢᠨ ᠤᠷᠢᠬᠤ ᠡᠷᠴᠢᠮ ᠢ ᠴᠢᠩᠭᠠᠷᠠᠭᠤᠯᠵᠤ᠂ ᠰᠤᠯᠠ ᠪᠠᠶᠢᠭ᠎ᠠ ᠡᠳ᠋ ᠬᠦᠷᠦᠩᠭᠡ ᠶᠢ | ᠬᠥᠭᠵᠢᠯᠲᠡ ᠶᠢᠨ ᠨᠡᠮᠡᠭᠳᠡᠯ ᠬᠡᠮᠵᠢᠶ᠎ᠡ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠥᠬᠡᠬᠤᠲᠠ ᠶᠢᠨ ᠭᠠᠯᠲᠤ | ᠲᠡᠷᠭᠡᠨ ᠥᠷᠲᠡᠭᠡ᠂ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡ ᠶᠢᠨ ᠡᠷᠬᠢᠨ ᠲᠣᠭᠤᠷᠢᠨ ᠤ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠢ ᠬᠦᠴᠦᠯᠡᠨ | ᠪᠠᠶᠠᠯᠢᠭᠵᠢᠭᠤᠯᠵᠤ᠂ ᠴᠢᠨᠠᠷ ᠴᠢᠨᠰᠠᠭ᠎ᠠ ᠲᠠᠢ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠪᠠ ᠡᠯ᠎ᠡ ᠲᠥᠷᠥᠯ ᠤᠨ ᠠᠩᠬᠠᠳᠤᠭᠴᠢ ᠳᠡᠯᠭᠡᠭᠦᠷ ᠢ ᠣᠷᠣᠭᠤᠯᠤᠨ ᠠᠪᠴᠢᠷᠠᠵᠤ᠂ | ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠵᠢᠷᠤᠭ ᠲᠥᠯᠥᠪᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠲᠠᠰᠤᠷᠠᠯᠲᠠ | ᠥᠬᠡᠶ ᠬᠥᠭᠵᠢᠭᠡᠬᠦ ᠬᠡᠷᠡᠭᠲᠡᠶ᠃ ᠰᠣᠶᠣᠯ ᠵᠢᠭᠤᠯᠴᠢᠯᠠᠯ ᠤᠨ ᠬᠦᠴᠦᠷᠬᠡᠭ ᠲᠤᠭᠤᠷᠢᠭ ᠢ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠴᠡᠯᠡᠭᠡᠷ ᠲᠠᠯ᠎ᠠ ᠶᠢᠨ ᠠᠮᠢ ᠠᠬᠤᠢ ᠶᠢᠨ | ᠵᠢᠭᠤᠯᠴᠢᠯᠠᠯ ᠤᠨ ᠪᠦᠰᠡ ᠪᠣᠯᠤᠨ ᠳᠠᠯᠠᠨ ᠬᠠᠷ᠎ᠠ ᠠᠭᠤᠯᠠ ᠶᠢᠨ ᠦᠨᠳᠦᠷᠯᠢᠭ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠪᠦᠰᠡ ᠶᠢᠨ ᠰᠢᠨ᠎ᠡ ᠬᠤᠳᠠ ᠲᠤᠭᠤᠷᠢᠭ ᠤᠨ ᠬᠡᠰᠡᠭ ᠢ | ᠥᠨᠳᠥᠷ ᠪᠠᠷᠢᠮᠵᠢᠶ᠎ᠠ ᠪᠠᠷ ᠴᠣᠭᠴᠠᠯᠠᠵᠤ᠂ ᠴᠡᠯᠡᠭᠡᠷ ᠲᠠᠯ᠎ᠠ ᠶᠢᠨ ᠵᠡᠭᠦᠨ ᠬᠡᠰᠡᠭ ᠪᠣᠯᠤᠨ ᠤᠪᠤᠭ᠎ᠠ ᠠᠭᠤᠯᠠ᠂ ᠬᠥᠬᠡᠬᠤᠲᠠ ᠶᠢᠨ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ | ᠦᠵᠡᠰᠬᠦᠯᠡᠩ ᠤᠨ ᠲᠥᠪ᠂ ᠤᠪᠤᠭ᠎ᠠ ᠲᠣᠰᠬᠤᠨ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠴᠢᠩᠭᠠᠳᠬᠠᠵᠤ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠦᠭᠡᠢ᠂ ᠪᠠᠶᠢᠭᠠᠯᠢ ᠶᠢᠨ | ᠦᠵᠡᠮᠵᠢ ᠶᠢ ᠢᠯᠡᠭᠦᠬᠡᠨ ᠠᠰᠢᠭᠯᠠᠨ ᠲᠣᠭᠤᠷᠢᠨ ᠦᠵᠡᠬᠦ ᠴᠡᠭ ᠢ ᠪᠠᠶᠢᠭᠤᠯᠬᠤ ᠬᠡᠷᠡᠭᠲᠡᠢ᠃ ᠰᠢᠷᠢᠰ ᠰᠣᠶᠣᠯ ᠲᠠᠮᠢᠷ ᠤᠨ ᠠᠵᠢᠯᠯᠠᠭ᠎ᠠ ᠶᠢ ᠨᠠᠷᠢᠨ ᠨᠢᠮᠪᠠᠶ ᠲᠥᠯᠥᠪᠵᠢᠭᠦᠯᠵᠦ᠂ ᠲᠣᠮᠣ | ᠬᠡᠯᠪᠡᠷᠢ ᠶᠢᠨ ᠳᠠᠭᠤᠤ ᠶᠢᠨ ᠴᠤᠭᠯᠠᠭᠠᠨ᠂ ᠳᠤᠮᠳᠠᠳᠤ ᠤᠯᠤᠰ ᠤᠨ ᠬᠤᠷᠳᠤᠨ ᠮᠣᠷᠢᠨ ᠤ ᠤᠷᠤᠯᠳᠤᠭᠠᠨ ᠵᠡᠷᠭᠡ ᠲᠣᠭᠯᠠᠯᠲᠠ ᠪᠠ ᠤᠷᠤᠯᠳᠤᠭᠠᠨ ᠢ ᠰᠠᠶᠢᠲᠤᠷ ᠪᠠᠲᠤᠯᠠᠬᠤ ᠬᠡᠷᠡᠭᠲᠡᠢ᠃ | ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠤᠳᠠ ᠶᠢᠨ ᠭᠤᠸ᠎ᠠ ᠵᠦᠢ ᠶᠢ ᠰᠠᠶᠢᠲᠤᠷ ᠠᠰᠢᠭᠯᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠰᠢᠯᠢᠳᠡᠭ ᠰᠤᠷᠭᠠᠨ ᠬᠥᠮᠦᠵᠢᠯ᠂ ᠡᠮᠴᠢᠯᠡᠭᠡᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠤᠳᠠ ᠶᠢᠨ ᠲᠣᠭᠤᠷᠢᠭ ᠢ ᠨᠡᠩ | ᠲᠠᠲᠠᠬᠤ ᠬᠦᠴᠦᠨ ᠲᠠᠢ᠂ ᠷᠢᠳᠢ ᠰᠢᠳᠢ ᠲᠠᠢ ᠪᠣᠯᠭᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠣᠷᠭᠢᠯᠤᠮ᠎ᠠ | ᠰᠡᠳᠬᠢᠯᠭᠡ ᠶᠢ ᠬᠥᠭᠵᠢᠭᠡᠵᠦ᠂ ᠬᠢᠬᠦ ᠶᠣᠰᠣᠲᠠᠢ᠂ ᠬᠢᠵᠦ ᠳᠡᠶᠢᠯᠬᠦ᠂ ᠡᠷᠬᠡᠪᠰᠢ ᠬᠢᠬᠦ ᠶᠠᠪᠤᠳᠠᠯ ᠢ ᠦᠨᠡᠨᠬᠦ ᠪᠣᠳᠠᠲᠠᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠰᠢᠨ᠎ᠡ | ᠪᠠᠶᠢᠳᠠᠯ ᠢ ᠡᠭᠦᠳᠬᠦ ᠬᠡᠷᠡᠭᠲᠡᠢ ᠭᠡᠵᠡᠢ᠃ |