ᠰᠠᠶᠢᠨ ᠴᠢᠮᠡᠭᠡ︕ ᠭᠦᠭᠡᠬᠤᠲᠠ ᠪᠤᠭᠤᠲᠤ ᠠᠴᠠ ᠱᠠᠩᠬᠠᠢ ᠬᠠᠩᠵᠧᠦ ᠴᠦᠩᠴᠢᠩ ᠬᠦᠷᠬᠦ ᠲᠦᠷᠭᠡᠨ ᠤ ᠭᠠᠯᠲᠤ ᠲᠡᠷᠭᠡ ᠨᠡᠪᠲᠡᠷᠡᠬᠦ ᠪᠠᠷ ᠪᠤᠶ
ᠨᠡᠶᠢᠲᠡᠯᠡᠭᠰᠡᠨ ᠴᠠᠭ᠄
2025/1/7
      1 ᠰᠠᠷ᠎ᠠ ᠶᠢᠨ 5 ᠤ ᠡᠳᠦᠷ ᠠᠴᠠ ᠡᠬᠢᠯᠡᠨ᠂ ᠪᠦᠭᠦ ᠤᠯᠤᠰ ᠤᠨ ᠲᠡᠮᠦᠷ ᠵᠠᠮ ᠤᠨ ᠬᠢᠨ ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠬᠦ ᠪᠠᠷ ᠪᠤᠢ᠃ ᠮᠠᠨ ᠤ ᠣᠷᠣᠨ ᠤ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠣᠯᠠᠨ ᠴᠤᠪᠤᠭ᠎ᠠ ᠲᠦᠷᠭᠡᠨ ᠤ ᠲᠡᠮᠦᠷ ᠵᠠᠮ᠂ ᠬᠥᠳᠡᠯᠭᠡᠬᠦ ᠬᠦᠴᠦᠨᠲᠦ ᠭᠠᠯᠲᠤ ᠲᠡᠷᠭᠡ ᠪᠠ ᠡᠩ ᠤᠨ ᠬᠤᠷᠳᠤᠴᠠᠲᠤ ᠭᠠᠯᠲᠤ ᠲᠡᠷᠭᠡ ᠨᠡᠮᠡᠬᠦ ᠪᠠᠷ ᠪᠠᠶᠢᠨ᠎ᠠ᠃      ᠠᠶᠠᠯᠠᠯ ᠤᠨ ᠵᠢᠷᠤᠭ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠠᠯ᠎ᠠ ᠨᠤᠲᠤᠭ ᠤᠨ ᠲᠡᠮᠦᠷ ᠵᠠᠮ ᠨᠢ ᠭᠦᠭᠡᠬᠤᠲᠠ᠂ ᠪᠤᠭᠤᠲᠤ ᠠᠴᠠ ᠱᠠᠩᠬᠠᠢ᠂ ᠬᠠᠩᠵᠧᠦ᠂ ᠴᠦᠩᠴᠢᠩ᠂ ᠴᠢᠩᠳᠣᠣ᠂ ᠰᠢᠨᠢᠩ ᠵᠡᠷᠭᠡ ᠭᠠᠵᠠᠷ ᠬᠦᠷᠬᠦ ᠴᠢᠭᠯᠡᠯ ᠤᠨ ᠲᠦᠷᠭᠡᠨ ᠤ ᠲᠡᠮᠦᠷ ᠵᠠᠮ ᠪᠠ ᠬᠥᠳᠡᠯᠭᠡᠬᠦ ᠬᠦᠴᠦᠨᠲᠦ ᠭᠠᠯᠲᠤ ᠲᠡᠷᠭᠡ ᠶᠢ ᠨᠡᠪᠲᠡᠷᠡᠭᠦᠯᠬᠦ ᠪᠣᠯᠣᠨ᠎ᠠ᠃      ᠲᠣᠰ ᠤᠳᠠᠭᠠᠨ ᠤ ᠠᠶᠠᠯᠠᠯ ᠤᠨ ᠵᠢᠷᠤᠭ ᠤᠨ ᠲᠣᠬᠢᠷᠠᠭᠤᠯᠤᠯᠲᠠ ᠳᠤ᠂ ᠲᠠᠯ᠎ᠠ ᠨᠤᠲᠤᠭ ᠤᠨ ᠲᠡᠮᠦᠷ ᠵᠠᠮ ᠨᠢ ᠵᠢᠨᠢᠩ - ᠳ᠋ᠠᠲ᠋ᠦ᠋ᠩ - ᠶᠤᠸᠠᠨᠫᠢᠩ ᠲᠦᠷᠭᠡᠨ ᠤ ᠲᠡᠮᠦᠷ ᠵᠠᠮ ᠨᠡᠪᠲᠡᠷᠡᠭᠰᠡᠨ ᠠᠴᠠ ᠪᠦᠭᠦ ᠤᠯᠤᠰ ᠤᠨ ᠲᠦᠷᠭᠡᠨ ᠤ ᠲᠡᠮᠦᠷ ᠵᠠᠮ ᠤᠨ ᠲᠣᠣᠷ ᠲᠤ ᠭᠦᠨᠵᠡᠭᠡᠢ ᠠᠭᠤᠰᠤᠯᠴᠠᠭᠰᠠᠨ ᠰᠢᠨ᠎ᠡ ᠠᠵᠢᠯᠯᠠᠭᠠᠨ ᠤ ᠴᠢᠳᠠᠪᠤᠷᠢ ᠶᠢ ᠭᠦᠢᠴᠡᠳ ᠠᠰᠢᠭᠯᠠᠨ᠂ ᠭᠦᠭᠡᠬᠤᠲᠠ᠂ ᠪᠤᠭᠤᠲᠤ ᠠᠴᠠ ᠬᠠᠩᠵᠧᠦ᠂ ᠱᠠᠩᠬᠠᠢ᠂ ᠴᠦᠩᠴᠢᠩ᠂ ᠰᠢ ᠠᠨ᠂ ᠴᠧᠩᠳᠦ᠋᠂ ᠵᠢᠨᠠᠨ᠂ ᠵᠧᠩᠵᠧᠦ᠂ ᠯᠠᠨᠵᠧᠦ᠂ ᠲᠠᠶᠢᠶᠤᠸᠠᠨ᠂ ᠰᠢᠨᠢᠩ᠂ ᠴᠢᠩᠳᠣᠣ᠂ ᠳ᠋ᠠᠲ᠋ᠦ᠋ᠩ᠂ ᠶᠦᠨᠴᠧᠩ ᠵᠡᠷᠭᠡ ᠭᠠᠵᠠᠷ ᠬᠦᠷᠬᠦ ᠴᠢᠭᠯᠡᠯ ᠤᠨ ᠲᠦᠷᠭᠡᠨ ᠤ ᠲᠡᠮᠦᠷ ᠵᠠᠮ ᠪᠠ ᠬᠥᠳᠡᠯᠭᠡᠬᠦ ᠬᠦᠴᠦᠨᠲᠦ ᠭᠠᠯᠲᠤ ᠲᠡᠷᠭᠡ ᠶᠢ ᠵᠠᠯᠭᠠᠭ᠎ᠠ ᠪᠠᠷ ᠨᠠᠪᠲᠠᠷᠡᠭᠦᠯᠵᠦ᠂ ᠮᠠᠨ ᠤ ᠣᠷᠣᠨ ᠤ ᠳᠤᠮᠳᠠ ᠪᠠᠷᠠᠭᠤᠨ ᠪᠡᠶ᠎ᠡ ᠠᠴᠠ ᠤᠯᠤᠰ ᠤᠨ ᠤᠮᠠᠷᠠᠲᠤ ᠣᠷᠣᠨ᠂ ᠳᠣᠷᠣᠨᠠᠲᠤ ᠣᠷᠣᠨ᠂ ᠪᠠᠷᠠᠭᠤᠨ ᠡᠮᠦᠨᠡᠲᠦ᠂ ᠪᠠᠷᠠᠭᠤᠨ ᠬᠤᠶᠢᠲᠤ ᠣᠷᠣᠨ ᠳᠤ ᠣᠴᠢᠬᠤ ᠲᠡᠮᠦᠷ ᠵᠠᠮ ᠤᠨ ᠠᠶᠠᠯᠠᠯ ᠤᠨ ᠴᠠᠭ ᠢ ᠶᠡᠭᠡ ᠪᠠᠷ ᠪᠣᠭᠤᠨᠢᠰᠬᠠᠵᠤ᠂ ᠭᠦᠭᠡᠬᠤᠲᠠ ᠪᠣᠯᠣᠨ ᠱᠠᠩᠬᠠᠢ᠂ ᠬᠠᠩᠵᠧᠦ᠂ ᠴᠧᠩᠳᠦ᠋᠂ ᠴᠦᠩᠴᠢᠩ ᠤᠨ ᠬᠤᠭᠤᠷᠣᠨᠳᠣᠭᠢ ᠲᠦᠷᠭᠡᠨ ᠤ ᠲᠡᠮᠦᠷ ᠵᠠᠮ ᠢᠶᠠᠷ ᠠᠶᠠᠯᠠᠬᠤ ᠴᠠᠭ ᠨᠢ ᠲᠦᠷᠦᠭᠦᠴᠢ ᠶᠢᠨ ᠡᠩ ᠤᠨ ᠬᠤᠷᠳᠤᠴᠠᠲᠤ ᠭᠠᠯᠲᠤ ᠲᠡᠷᠭᠡ ᠪᠠᠷ ᠠᠶᠠᠯᠠᠭᠰᠠᠨ ᠠᠴᠠ ᠬᠠᠭᠠᠰ ᠣᠷᠴᠢᠮ ᠪᠣᠭᠤᠨᠢᠰᠴᠤ᠂ ᠠᠶᠠᠨᠴᠢᠳ ᠤᠨ ᠭᠠᠳᠠᠭᠰᠢ ᠭᠠᠷᠬᠤ ᠳᠤ ᠨᠠᠩ ᠣᠯᠠᠨ ᠰᠣᠩᠭᠤᠯᠲᠠ ᠬᠠᠩᠭᠠᠬᠤ ᠪᠣᠯᠣᠨ᠎ᠠ᠃      12306 APP ᠶᠢ ᠦᠨᠳᠦᠰᠦᠯᠡᠪᠡᠯ᠂ ᠭᠦᠭᠡᠬᠤᠲᠠ - ᠬᠠᠩᠵᠧᠦ᠂ ᠭᠦᠭᠡᠬᠤᠲᠠ - ᠴᠦᠩᠴᠢᠩ᠂ ᠭᠦᠭᠡᠬᠤᠲᠠ - ᠵᠢᠨᠠᠨ᠂ ᠭᠦᠭᠡᠬᠤᠲᠠ- ᠴᠢᠩᠳᠣᠣ ᠵᠡᠷᠭᠡ ᠴᠢᠭᠯᠡᠯ ᠤᠨ ᠲᠦᠷᠭᠡᠨ ᠤ ᠲᠡᠮᠦᠷ ᠵᠠᠮ ᠪᠣᠯᠣᠨ ᠬᠥᠳᠡᠯᠭᠡᠬᠦ ᠬᠦᠴᠦᠨᠲᠦ ᠭᠠᠯᠲᠤ ᠲᠡᠷᠭᠡ ᠨᠢ 1 ᠰᠠᠷ᠎ᠠ ᠶᠢᠨ 5 ᠤ ᠡᠳᠦᠷ ᠠᠴᠠ ᠡᠬᠢᠯᠡᠨ ᠪᠢᠯᠧᠲ ᠬᠤᠳᠠᠯᠳᠤᠬᠤ ᠪᠣᠯᠣᠨ᠎ᠠ᠃      ᠢᠷᠡᠯᠲᠡ᠄  ᠲᠠᠯ᠎ᠠ ᠨᠤᠲᠤᠭ ᠤᠨ ᠲᠡᠮᠦᠷ ᠵᠠᠮ ᠲᠠᠪᠴᠠᠩ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ