ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠮᠲᠤᠷᠠᠨ ᠮᠡᠳᠡᠭᠳᠡᠯ ᠨᠡᠶᠢᠲᠡᠯᠡᠵᠦ᠂ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠣᠶᠤᠨᠲᠤ ᠲᠣᠨᠣᠭᠯᠠᠯ ᠬᠢᠭᠡᠳ ᠠᠵᠢᠯᠯᠠᠪᠤᠷᠢ ᠪᠠᠲᠤᠯᠠᠭᠠᠨ ᠤ ᠥᠪᠥᠷ ᠮᠣᠩᠭᠤᠯ ᠤᠨ | ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ 7 ᠠᠺᠠᠳᠧᠮᠢᠴᠢ ᠶᠢᠨ ᠠᠵᠢᠯ ᠤᠨ ᠥᠷᠲᠡᠭᠡ ᠶᠢ ᠳᠠᠩᠰᠠᠯᠠᠭᠤᠯᠵᠠᠢ᠃ ᠡᠶᠢᠨ ᠬᠦ ᠮᠠᠨ ᠤ ᠣᠷᠣᠨ | ᠠᠺᠠᠳᠧᠮᠢᠴᠢ ᠶᠢᠨ ᠠᠵᠢᠯ ᠤᠨ ᠥᠷᠲᠡᠭᠡ ᠶᠢ ᠨᠡᠶᠢᠳᠡ 59 ᠪᠠᠶᠢᠭᠤᠯᠵᠤ᠂ ᠥᠷᠲᠡᠭᠡᠨ ᠳᠠᠬᠢ ᠠᠺᠠᠳᠧᠮᠢᠴᠢ ᠲᠤᠰᠬᠠᠢ ᠮᠡᠷᠭᠡᠵᠢᠯᠲᠡᠨ 1000 ᠰᠢᠬᠠᠮ ᠪᠣᠯᠵᠠᠢ᠃ | ᠠᠺᠠᠳᠧᠮᠢᠴᠢ ᠶᠢᠨ ᠠᠵᠢᠯ ᠤᠨ ᠥᠷᠲᠡᠭᠡ ᠪᠣᠯ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠤᠷᠢᠨ ᠠᠪᠴᠢᠷᠠᠬᠤ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠭᠰᠠᠭᠠᠯ ᠤᠨ ᠭᠠᠵᠠᠷ ᠤᠨ ᠨᠢᠭᠡ ᠪᠣᠯᠣᠨ᠎ᠠ᠃ | ᠲᠣᠰ ᠤᠳᠠᠭ᠎ᠠ ᠶᠢᠨ ᠳᠠᠩᠰᠠᠯᠠᠭᠤᠯᠤᠨ ᠪᠦᠲᠦᠭᠡᠨ ᠪᠠᠶᠢᠭᠤᠯᠤᠭᠰᠠᠨ 7 ᠠᠵᠢᠯ ᠤᠨ ᠥᠷᠲᠡᠭᠡ ᠨᠢ ᠰᠢᠨ᠎ᠡ ᠡᠨᠧᠷᠭᠢ᠂ ᠬᠤᠪᠣᠷ ᠰᠢᠷᠣᠢ᠂ ᠰᠢᠨ᠎ᠡ ᠮᠠᠲ᠋ᠧᠷᠢᠶᠠᠯ᠂ ᠡᠮ | ᠡᠮᠨᠡᠯᠭᠡ ᠵᠡᠷᠭᠡ ᠣᠯᠠᠨ ᠭᠤᠣᠯᠳᠠᠯᠭ᠎ᠠ ᠲᠠᠢ ᠬᠦᠷᠢᠶ᠎ᠡ ᠶᠢ ᠬᠠᠮᠤᠷᠴᠤ᠂ ᠠᠺᠠᠳᠧᠮᠢᠴᠢ ᠶᠢᠨ ᠪᠦᠯᠭᠦᠮ ᠨᠡᠶᠢᠲᠡ ᠶᠢ ᠤᠶᠠᠨ ᠬᠠᠲᠠᠨ ᠴᠢᠨᠠᠷᠲᠠᠢ ᠪᠠᠷ ᠤᠷᠢᠨ | ᠠᠪᠴᠢᠷᠠᠬᠤ ᠪᠠᠷ ᠳᠠᠮᠵᠢᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠮᠡᠷᠭᠡᠵᠢᠯ ᠤᠨ ᠪᠣᠭᠤᠮᠢ ᠶᠢ ᠬᠠᠮᠲᠤᠷᠠᠨ ᠰᠢᠪᠲᠤᠯᠵᠤ᠂ ᠮᠠᠨ ᠤ ᠣᠷᠣᠨ ᠤ | ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠨ ᠨᠡᠮᠡᠷᠢᠯᠡᠬᠦ ᠪᠣᠯᠣᠨ᠎ᠠ᠃ | ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠺᠠᠳᠧᠮᠢᠴᠢ ᠶᠢᠨ ᠪᠦᠯᠭᠦᠮ ᠨᠡᠶᠢᠲᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ | ᠶᠢ ᠠᠬᠢᠭᠤᠯᠬᠤ ᠶᠢᠨ ᠲᠥᠯᠥᠭᠡ᠂ 2024 ᠣᠨ ᠤ 10 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠺᠠᠳᠧᠮᠢᠴᠢ ᠶᠢᠨ ᠠᠵᠢᠯ ᠤᠨ ᠥᠷᠲᠡᠭᠡ ᠶᠢ ᠳᠠᠩᠰᠠᠯᠠᠨ ᠬᠠᠮᠢᠶᠠᠷᠬᠤ ᠠᠷᠭ᠎ᠠ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠠᠩᠬ᠎ᠠ | ᠤᠳᠠᠭ᠎ᠠ ᠳᠠᠩᠰᠠᠯᠠᠭᠤᠯᠤᠭᠰᠠᠨ ᠠᠺᠠᠳᠧᠮᠢᠴᠢ ᠶᠢᠨ ᠠᠵᠢᠯ ᠤᠨ ᠥᠷᠲᠡᠭᠡ ᠳᠤ ᠨᠡᠶᠢᠲᠡ 100 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ | ᠵᠠᠷᠤᠳᠠᠯ ᠤᠨ ᠳᠡᠮᠵᠢᠯᠭᠡ ᠣᠯᠭᠤᠨ᠎ᠠ ᠭᠡᠵᠦ ᠳᠤᠷᠠᠳᠪᠠ᠃ |