ᠭᠦᠭᠡᠬᠤᠲᠠ ᠶᠢᠨ ᠣᠯᠠᠨ ᠲᠦᠮᠡᠨᠴᠢ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠤᠷᠢᠯᠭ᠎ᠠ ᠶᠢᠨ ᠤᠷᠤᠯᠳᠤᠭᠠᠨ ᠶᠠᠪᠤᠭᠳᠠᠵᠠᠢ
ᠨᠡᠶᠢᠲᠡᠯᠡᠭᠰᠡᠨ ᠴᠠᠭ᠄
2025/1/7
      ᠣᠶᠢᠷ᠎ᠠ ᠳᠤ᠂ ᠭᠦᠭᠡᠬᠤᠲᠠ ᠶᠢᠨ ᠣᠯᠠᠨ ᠲᠦᠮᠡᠨᠴᠢ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠤᠷᠢᠯᠭ᠎ᠠ ᠶᠢᠨ ᠤᠷᠤᠯᠳᠤᠭᠠᠨ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠶᠠᠪᠤᠭᠳᠠᠪᠠ᠃      ᠲᠤᠰ ᠤᠳᠠᠭᠠᠨ ᠤ ᠤᠷᠤᠯᠳᠤᠭᠠᠨ ᠳᠤ ᠱᠠᠩᠬᠠᠢ᠂ ᠱᠠᠨᠳᠦ᠋ᠩ ᠪᠣᠯᠣᠨ ᠥᠪᠥᠷ ᠮᠣᠩᠭᠤᠯ ᠵᠡᠷᠭᠡ ᠭᠠᠵᠠᠷ ᠣᠷᠣᠨ ᠤ 11 ᠲᠥᠯᠥᠭᠡᠯᠡᠭᠴᠢᠳ ᠤᠨ ᠠᠩᠭᠢ ᠶᠢᠨ 200 ᠰᠢᠬᠠᠮ ᠲᠠᠮᠢᠷᠴᠢᠨ ᠣᠷᠣᠯᠴᠠᠪᠠ᠃ ᠤᠷᠤᠯᠳᠤᠭᠠᠨ ᠢ ᠨᠠᠰᠤᠲᠠᠶᠢᠴᠤᠳ ᠤᠨ ᠳᠤᠭᠤᠶᠢᠯᠠᠩ᠂ ᠢᠳᠡᠷᠴᠦᠳ ᠤᠨ ᠳᠤᠭᠤᠶᠢᠯᠠᠩ᠂ ᠵᠠᠯᠠᠭᠤᠴᠤᠳ ᠤᠨ ᠳᠤᠭᠤᠶᠢᠯᠠᠩ᠂ ᠪᠠᠭᠠᠴᠤᠳ ᠤᠨ ᠬᠥᠬᠡ ᠳᠤᠭᠤᠶᠢᠯᠠᠩ᠂ ᠪᠠᠭᠠᠴᠤᠳ ᠤᠨ ᠬᠥᠬᠡᠭᠴᠢᠨ ᠳᠤᠭᠤᠶᠢᠯᠠᠩ᠂ ᠪᠠᠭᠠᠴᠤᠳ ᠤᠨ ᠤᠯᠠᠭᠠᠨ ᠳᠤᠭᠤᠶᠢᠯᠠᠩ᠂ ᠪᠠᠭᠠᠴᠤᠳ ᠤᠨ ᠤᠯᠠᠭᠴᠢᠨ ᠳᠤᠭᠤᠶᠢᠯᠠᠩ᠂ ᠬᠡᠦᠬᠡᠳ ᠤᠨ ᠳᠤᠭᠤᠶᠢᠯᠠᠩ ᠵᠡᠷᠭᠡ 8 ᠳᠤᠭᠤᠶᠢᠯᠠᠩ ᠬᠤᠪᠢᠶᠠᠪᠠ᠃ ᠡᠭᠦᠨ ᠳᠤ ᠬᠡᠦᠬᠡᠳ ᠤᠨ ᠳᠤᠭᠤᠶᠢᠯᠠᠩ ᠪᠠ ᠨᠠᠰᠤᠲᠠᠶᠢᠴᠤᠳ ᠤᠨ ᠳᠤᠭᠤᠶᠢᠯᠠᠩ ᠳᠤ 500 ᠮᠧᠲᠷ ᠤᠨ ᠤᠷᠤᠯᠳᠤᠭᠠᠨ ᠤ ᠲᠥᠷᠥᠯ ᠵᠦᠢᠯ ᠲᠣᠬᠢᠷᠠᠭᠤᠯᠵᠤ᠂ ᠢᠳᠡᠷᠴᠦᠳ ᠤᠨ ᠳᠤᠭᠤᠶᠢᠯᠠᠩ᠂ ᠵᠠᠯᠠᠭᠤᠴᠤᠳ ᠤᠨ ᠳᠤᠭᠤᠶᠢᠯᠠᠩ᠂ ᠪᠠᠭᠠᠴᠤᠳ ᠤᠨ ᠬᠥᠬᠡ ᠳᠤᠭᠤᠶᠢᠯᠠᠩ᠂ ᠪᠠᠭᠠᠴᠤᠳ ᠤᠨ ᠬᠥᠬᠡᠭᠴᠢᠨ ᠳᠤᠭᠤᠶᠢᠯᠠᠩ᠂ ᠪᠠᠭᠠᠴᠤᠳ ᠤᠨ  ᠤᠯᠠᠭᠠᠨ  ᠳᠤᠭᠤᠶᠢᠯᠠᠩ ᠳᠤ 500 ᠮᠧᠲᠷ ᠪᠠ 1000 ᠮᠧᠲᠷ ᠤᠨ ᠤᠷᠤᠯᠳᠤᠭᠠᠨ ᠤ ᠲᠥᠷᠥᠯ ᠵᠦᠢᠯ ᠲᠣᠬᠢᠷᠠᠭᠤᠯᠪᠠ᠃      ᠲᠣᠰ ᠤᠳᠠᠭᠠᠨ ᠤ ᠤᠷᠤᠯᠳᠤᠭᠠᠨ ᠢ ᠡᠷᠭᠢᠯᠡᠭᠰᠡᠨ ᠨᠢ ᠣᠯᠠᠨ ᠲᠦᠮᠡᠨ ᠤ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠬᠥᠭᠵᠢᠭᠡᠵᠦ᠂ ᠨᠠᠩ ᠣᠯᠠᠨ ᠬᠥᠮᠥᠰ ᠲᠤ ᠣᠶᠢᠷ᠎ᠠ ᠵᠠᠮ ᠤᠨ ᠲᠦᠷᠭᠡᠨ ᠲᠡᠰᠢᠯᠲᠡ ᠵᠡᠷᠭᠡ ᠮᠥᠰᠥ ᠴᠠᠰᠤᠨ ᠤ ᠲᠥᠷᠥᠯ ᠵᠦᠢᠯ ᠢ ᠣᠶᠢᠯᠠᠭᠠᠭᠤᠯᠬᠤ ᠶᠢᠨ ᠬᠠᠮᠲᠤ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠤᠯᠠᠮ ᠪᠠᠬᠢᠵᠢᠭᠦᠯᠦᠨ ᠥᠷᠭᠡᠳᠬᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠦᠪᠰᠢᠨ ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠶᠢᠨ ᠲᠥᠯᠥᠭᠡ ᠶᠤᠮ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ