ᠮᠠᠨ ᠤ ᠣᠷᠣᠨ ᠤ ᠠᠩᠬᠠᠳᠠᠭᠴᠢ ᠡᠨᠧᠷᠭᠢ ᠨᠥᠭᠡᠴᠡᠯᠡᠬᠦ ᠤᠯᠤᠰ ᠤᠨ ᠭᠤᠣᠯᠳᠠᠯᠭ᠎ᠠ ᠲᠠᠢ ᠲᠥᠷᠥᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2025/1/7
      1 ᠰᠠᠷ᠎ᠠ ᠶᠢᠨ 3 ᠤ ᠡᠳᠦᠷ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ︽ᠡᠨᠧᠷᠭᠢ ᠨᠥᠭᠡᠴᠡᠯᠡᠬᠦ ᠬᠢᠭᠡᠳ ᠣᠶᠤᠨᠴᠢ ᠴᠠᠭᠢᠯᠭᠠᠨ ᠲᠣᠣᠷ︾ ᠤᠨ ᠲᠤᠰᠬᠠᠢ ᠲᠥᠷᠥᠯ ᠵᠦᠢᠯ ᠪᠤᠯᠬᠤ︽ᠥᠨᠳᠥᠷ ᠬᠠᠷᠢᠴᠠᠯᠳᠤ ᠰᠢᠨ᠎ᠡ ᠡᠨᠧᠷᠭᠢ ᠬᠤᠯᠪᠣᠬᠤ ᠴᠠᠭᠢᠯᠭᠠᠨ ᠲᠣᠣᠷ ᠤᠨ ᠰᠠᠨᠠᠭᠠᠴᠢᠯᠠᠭ᠎ᠠ ᠠᠴᠠ ᠪᠠᠨ ᠲᠤᠯᠭᠠᠭᠤᠷᠢᠯᠠᠬᠤ ᠭᠡᠯᠪᠡᠷᠢ ᠶᠢᠨ ᠵᠠᠭᠤᠨ ᠮᠧᠭ᠎ᠠ ᠸᠠᠲ ᠲᠠᠰ ᠤᠨ ᠬᠤᠯᠢᠮᠠᠭ ᠡᠨᠧᠷᠭᠢ ᠨᠥᠭᠡᠴᠡᠯᠡᠬᠦ ᠮᠡᠷᠭᠡᠵᠢᠯ︾ᠭᠦᠭᠡᠬᠤᠲᠠ ᠳᠤ ᠡᠬᠢᠯᠡᠪᠡ᠂ ᠡᠨᠡ ᠨᠢ ᠲᠥᠷᠥᠯ ᠵᠦᠢᠯ ᠲᠥᠯᠦᠪᠵᠢᠭᠦᠯᠭᠡ ᠶᠢᠨ ᠱᠠᠲᠤᠨ ᠠᠴᠠ ᠵᠢᠩᠬᠢᠨᠢ ᠪᠠᠷ ᠬᠡᠷᠡᠭᠵᠢᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠲᠣᠰ ᠲᠥᠷᠥᠯ ᠵᠦᠢᠯ ᠪᠣᠯ ᠥᠪᠥᠷ ᠮᠣᠩᠭᠤᠯ ᠤᠨ ᠠᠩᠬᠠᠳᠠᠭᠴᠢ ᠡᠨᠧᠷᠭᠢ ᠨᠥᠭᠡᠴᠡᠯᠡᠬᠦ ᠲᠥᠷᠥᠯ ᠤᠨ ᠤᠯᠤᠰ ᠤᠨ ᠲᠠᠰ ᠤᠨ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠪᠣᠯᠣᠨ᠎ᠠ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠲᠦᠷᠦᠭᠦᠯᠡᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠠᠭᠢᠯᠭᠠᠨ ᠲᠧᠭᠨᠢᠭ ᠤᠨ ᠰᠤᠳᠤᠯᠭᠠᠨ ᠤ ᠭᠠᠵᠠᠷ ᠵᠡᠷᠭᠡ 14 ᠨᠢᠭᠡᠴᠢ ᠬᠠᠮᠲᠤᠷᠠᠨ ᠭᠤᠶᠤᠴᠢᠯᠠᠨ ᠮᠡᠳᠡᠭᠦᠯᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3.6 ᠳ᠋ᠦᠩᠰᠢᠭᠤᠷ ᠲᠥᠭᠦᠷᠢᠭ᠂ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ 3 ᠵᠢᠯ ᠪᠠᠶᠢᠵᠤ᠂ ᠤᠯᠤᠰ ᠠᠴᠠ 2719 ᠲᠦᠮᠡᠨ ᠲᠥᠭᠦᠷᠢᠭ ᠤᠨ ᠵᠠᠷᠤᠳᠠᠯ ᠪᠠᠭᠤᠯᠭᠠᠬᠤ ᠪᠠᠷ ᠵᠥᠪᠰᠢᠶᠡᠷᠡᠪᠡ᠃ ᠲᠥᠷᠥᠯ ᠵᠦᠢᠯ ᠨᠢ ᠣᠯᠠᠨ ᠡᠰᠢᠲᠦ ᠬᠤᠯᠢᠮᠠᠭ ᠨᠥᠭᠡᠴᠡ ᠡᠨᠧᠷᠭᠢ ᠶᠢᠨ ᠰᠢᠰᠲ᠋ᠧᠮ ᠢ ᠰᠢᠨ᠎ᠡ ᠡᠨᠧᠷᠭᠢ ᠲᠠᠢ ᠬᠤᠯᠪᠣᠯᠳᠤᠭᠤᠯᠬᠤ ᠲᠣᠭᠤᠷᠢᠨ ᠳᠤ᠂ ᠨᠡᠭᠦᠷᠡᠰᠦ ᠴᠠᠭᠢᠯᠭᠠᠨ ᠤ ᠠᠮᠢᠳᠤᠯᠢᠭ ᠴᠢᠨᠠᠷ ᠲᠠᠢ ᠲᠡᠩᠴᠡᠬᠦ ᠪᠤᠶᠤ ᠴᠢᠨᠠᠭᠰᠢᠯᠠᠪᠠᠯ ᠳᠠᠪᠠᠭ᠋ᠤ ᠬᠡᠮᠵᠢᠶᠡᠨ ᠤ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠡᠶᠡᠯᠡᠭᠦᠯᠵᠦ᠂ ᠠᠳᠠᠯᠢ ᠪᠤᠰᠤ ᠬᠡᠷᠡᠭᠯᠡᠭᠡᠨ ᠤ ᠣᠷᠴᠢᠨ ᠳᠤ ᠬᠠᠨᠳᠤᠭᠤᠯᠤᠭᠰᠠᠨ ᠬᠤᠯᠢᠮᠠᠭ ᠡᠨᠧᠷᠭᠢ ᠨᠥᠭᠡᠴᠡᠯᠡᠬᠦ ᠴᠠᠭᠢᠯᠭᠠᠨ ᠥᠷᠲᠡᠭᠡ ᠶᠢᠨ ᠪᠠᠭᠲᠠᠭᠠᠮᠵᠢ ᠶᠢ ᠰᠢᠯᠢᠳᠡᠭᠵᠢᠭᠦᠯᠦᠨ ᠲᠣᠬᠢᠷᠠᠭᠤᠯᠬᠤ ᠮᠡᠷᠭᠡᠵᠢᠯ᠂ ᠬᠤᠯᠢᠮᠠᠭ ᠨᠥᠭᠡᠴᠡ ᠡᠨᠧᠷᠭᠢ ᠶᠢᠨ ᠰᠢᠰᠲ᠋ᠧᠮ ᠤᠨ ᠪᠠᠶᠢᠳᠠᠯ ᠤᠨ ᠮᠡᠳᠡᠷᠡᠬᠦᠢ᠂ ᠬᠥᠳᠡᠯᠦᠩᠭᠦᠢ ᠬᠢᠨᠠᠨ ᠬᠡᠮᠵᠢᠯᠲᠡ ᠪᠠ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠮᠡᠷᠭᠡᠵᠢᠯ᠂ ᠬᠤᠯᠢᠮᠠᠭ ᠨᠥᠭᠡᠴᠡ ᠡᠨᠧᠷᠭᠢ ᠪᠠ ᠡᠩ ᠤᠨ ᠴᠠᠭᠢᠯᠭᠠᠨ ᠡᠭᠦᠰᠬᠡᠭᠴᠢ᠂ ᠥᠨᠳᠥᠷ ᠬᠠᠷᠢᠴᠠᠯᠳᠤ ᠰᠢᠨ᠎ᠡ ᠡᠨᠧᠷᠭᠢ ᠵᠡᠷᠭᠡ ᠲᠠᠢ ᠬᠠᠮᠵᠢᠯᠴᠠᠨ ᠡᠵᠡᠮᠳᠡᠬᠦ ᠮᠡᠷᠭᠡᠵᠢᠯ᠂ ᠪᠠᠴᠢᠮ ᠠᠵᠤ ᠦᠢᠯᠡᠳᠪᠦᠷᠢ ᠶᠢᠨ ᠪᠠᠶᠢᠳᠠᠯ ᠳᠣᠣᠷ᠎ᠠ ᠬᠤᠯᠢᠮᠠᠭ ᠨᠥᠭᠡᠴᠡ ᠡᠨᠧᠷᠭᠢ ᠶᠢᠨ ᠰᠢᠰᠲ᠋ᠧᠮ ᠨᠢ ᠴᠠᠭᠢᠯᠭᠠᠨ ᠲᠣᠣᠷ ᠤᠨ ᠳᠠᠪᠲᠠᠮᠵᠢ \ ᠴᠠᠭᠢᠯᠭᠠᠨ ᠬᠦᠴᠦᠳᠡᠯ ᠢ ᠰᠠᠨᠠᠭᠠᠴᠢᠯᠠᠭ᠎ᠠ ᠠᠴᠠ ᠪᠠᠨ ᠲᠤᠯᠭᠠᠭᠤᠷᠢᠯᠠᠬᠤ ᠮᠡᠷᠭᠡᠵᠢᠯ ᠵᠡᠷᠭᠡ ᠮᠡᠷᠭᠡᠵᠢᠯ ᠤᠨ ᠬᠦᠴᠢᠷ ᠰᠡᠳᠦᠪ ᠢ ᠰᠢᠪᠲᠤᠯᠵᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠳᠤ ᠬᠠᠷᠢᠶᠠᠯᠠᠭᠳᠠᠬᠤ ᠤᠯᠠᠭᠠᠨᠪᠤᠬ᠎ᠠ ᠶᠢᠨ ᠡᠨᠧᠷᠭᠢ ᠶᠢᠨ ᠰᠠᠭᠤᠷᠢᠨ ᠳᠤ 100MW \ 800 MWh ᠤᠨ ᠴᠠᠭᠢᠯᠭᠠᠨ ᠬᠠᠯᠠᠭᠠᠯᠲᠠ ᠶᠢᠨ ᠬᠠᠶᠢᠯᠤᠮᠠᠯ ᠳᠠᠪᠤᠰᠤ ᠪᠠᠷ ᠡᠨᠧᠷᠭᠢ ᠨᠥᠭᠡᠴᠡᠯᠡᠬᠦ᠂ 60MW \ 120MWh ᠤᠨ ᠯᠢᠲ᠋ᠢ ᠢᠶᠤᠨ ᠤ ᠴᠡᠨᠡᠭ ᠢᠶᠠᠷ ᠡᠨᠧᠷᠭᠢ ᠨᠥᠭᠡᠴᠡᠯᠡᠬᠦ᠂ 10MW ᠤᠨ ᠡᠷᠴᠢᠲᠦ ᠬᠦᠷᠳᠦ ᠶᠢᠨ ᠬᠤᠯᠢᠮᠠᠭ ᠨᠥᠭᠡᠴᠡ ᠡᠨᠧᠷᠭᠢ ᠶᠢ ᠪᠠᠭᠲᠠᠭᠠᠭᠰᠠᠨ ᠰᠢᠰᠲ᠋ᠧᠮ ᠢ  ᠪᠠᠶᠢᠭᠤᠯᠵᠤ᠂ ᠰᠢᠨ᠎ᠡ ᠡᠨᠧᠷᠭᠢ ᠶᠢᠨ ᠰᠠᠭᠤᠷᠢᠨ ᠤ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠶᠢ ᠲᠤᠯᠭᠠᠭᠤᠷᠢᠯᠠᠬᠤ ᠳᠤ ᠰᠢᠢᠳᠪᠦᠷᠢᠯᠡᠬᠦ ᠲᠥᠰᠥᠯ ᠬᠠᠩᠭᠠᠵᠤ᠂ ᠰᠢᠨ᠎ᠡ ᠡᠨᠧᠷᠭᠢ ᠶᠢᠨ ᠰᠠᠭᠤᠷᠢᠨ ᠤ ᠴᠠᠭᠢᠯᠭᠠᠨ ᠬᠦᠴᠦᠨ ᠢ ᠭᠠᠳᠠᠭᠰᠢ ᠬᠦᠷᠭᠡᠵᠦ ᠠᠮᠢᠳᠤᠯᠢᠭ ᠴᠢᠨᠠᠷ ᠪᠠ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠦᠨ᠂ ᠥᠨᠳᠥᠷ ᠬᠠᠷᠢᠴᠠᠯᠳᠤ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠶᠢ ᠪᠡᠶᠡᠯᠡᠭᠦᠯᠵᠦ᠂ ᠡᠨᠧᠷᠭᠢ ᠶᠢᠨ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ︽ᠵᠠᠯᠭᠠᠭᠠᠳ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠨ ᠲᠥᠷᠥᠯ ᠵᠦᠢᠯ ᠢ ᠬᠡᠷᠡᠭᠵᠢᠭᠦᠯᠬᠦ ᠪᠠᠷ ᠰᠠᠭᠤᠷᠢ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠰᠢᠰᠲ᠋ᠧᠮ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠡᠯ᠎ᠡ ᠣᠷᠣᠯᠴᠠᠬᠰᠠᠨ ᠨᠢᠭᠡᠴᠢ ᠲᠠᠢ ᠨᠢᠭᠲᠠ ᠬᠠᠮᠲᠤᠷᠠᠯᠴᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠮᠲᠤ ᠪᠠᠷ ᠠᠬᠢᠭᠤᠯᠵᠤ᠂ ᠰᠢᠨ᠎ᠡ ᠡᠨᠧᠷᠭᠢ ᠶᠢᠨ ᠰᠠᠭᠤᠷᠢᠨ ᠤ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠳᠤ ︿ᠥᠪᠥᠷ ᠮᠣᠩᠭᠤᠯ ᠤᠨ ᠡᠨᠧᠷᠭᠢ ᠶᠢᠨ ᠰᠡᠳᠬᠢᠴᠡ﹀ᠬᠠᠩᠭᠠᠵᠤ᠂ ᠮᠠᠨ ᠤ ᠤᠯᠤᠰ ᠤᠨ ᠡᠨᠧᠷᠭᠢ ᠶᠢᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠪᠠ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ᠭᠡᠵᠦ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ