ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2025/1/8
ᠪᠣᠣ ᠭᠠᠩ ᠶᠠᠷᠢᠶ᠎ᠠ ᠲᠠᠯᠪᠢᠵᠤ  ᠾᠧ ᠬᠠᠢ ᠳ᠋ᠦᠩ ᠼᠦᠢ ᠵᠧᠨ ᠦ᠋ ᠨᠠᠷ ᠬᠤᠷᠠᠯ ᠳᠤ ᠣᠷᠣᠯᠴᠠᠵᠤ  ᠦ᠋ ᠸᠧᠨ ᠮᠢᠩ ᠬᠤᠷᠠᠯ ᠢ ᠡᠷᠬᠢᠯᠡᠪᠡ     
0108.jpg
      1 ᠳ᠋ᠦ᠋ᠭᠡᠷ ᠰᠠᠷ᠎ᠠ ᠶᠢᠨ 7 ᠤ  ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠲᠡᠭᠦᠰᠪᠡ᠃ ᠵᠢᠷᠤᠭ ᠪᠤᠯ ᠶᠡᠭᠡ ᠬᠤᠷᠠᠯ ᠤᠨ ᠠᠬᠤᠢ ᠲᠠᠯᠠᠪᠠᠢ ᠪᠤᠯᠤᠨ᠎ᠠ᠃ ᠰᠤᠷᠪᠤᠯᠵᠢᠯᠠᠭᠴᠢ ᠶᠠᠨ ᠰᠢᠨ ᠰᠡᠭᠦᠲᠡᠷᠯᠡᠪᠡ      1 ᠳ᠋ᠦ᠋ᠭᠡᠷ ᠰᠠᠷ᠎ᠠ ᠶᠢᠨ 7 ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠲᠡᠭᠦᠰᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠪᠦᠦ ᠭᠠᠩ᠂ ᠦ᠋ ᠸᠧᠨ ᠮᠢᠩ᠂ ᠯᠠᠨ ᠹᠧᠩ᠂ ᠵᠠᠩ ᠵᠦᠩ ᠳ᠋ᠦᠩ᠂ ᠶᠦᠨ ᠢᠦᠢ ᠮᠧᠢ᠂ ᠶᠠᠩ ᠰᠢᠩ ᠱᠧᠩ᠂ ᠵᠠᠩ ᠺᠧ ᠯᠢᠩ᠂ ᠰᠢᠩ ᠵᠢᠶᠦ᠋ᠨ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠦ᠋ ᠸᠧᠨ ᠮᠢᠩ ᠶᠡᠭᠡ ᠬᠤᠷᠠᠯ ᠢ ᠡᠷᠬᠢᠯᠡᠪᠡ᠃      ᠾᠧ ᠬᠠᠢ ᠳ᠋ᠦᠩ᠂ ᠼᠦᠢ ᠵᠧᠨ ᠦ᠋᠂ ᠰᠦᠨ ᠬᠤᠤ᠂ ᠯᠢ ᠵᠢᠶᠦ᠋ᠨ᠂ ᠴᠢᠶᠣᠤ ᠢᠦᠶ ᡂᠢ᠂ ᠯᠢᠦ ᠵᠢᠶ ᠶᠢᠩ᠂ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠶ ᠲᠢᠶᠠᠨ᠂ ᠵᠣᠣ ᠶᠠᠨ ᠷᠦ᠂ ᠸᠠᠩ ᠰᠢᠨ ᠢᠦᠶ᠂ ᠨᠢᠤ ᠹᠠᠩ ᠽᠧ᠂ ᠵᠢᠶᠤᠤ ᠬᠤᠩ᠂ ᠹᠦ᠋ ᠶᠢᠨ ᠽᠠᠢ᠂ ᠲᠠᠯ᠎ᠠ᠂ ᠭᠤᠤ ᠬᠠᠨ᠂ ᠵᠦ ᠵᠢᠶᠠᠨ ᠭᠦᠸᠧ᠂ ᠭᠤᠤ ᠵᠧᠨ ᠸᠧᠶ᠂ ᠯᠢ ᠰᠢᠶᠤᠤ ᠳ᠋ᠦᠩ᠂ ᠰᠦᠸᠧ ᠶᠢᠩ ᠵᠢᠶᠦ᠋ᠨ᠂ ᠯᠢ ᠸᠧᠨ ᠭᠧ᠂ ᠭᠤᠤ ᠷᠦᠢ ᠵᠢᠶᠦ᠋ᠨ᠂ ᠯᠢᠦ ᠵᠢᠶᠠᠨ ᠭᠦᠸᠧ᠂ ᠮᠠ ᠪᠢᠩ ᠴᠢᠤᠸᠠᠨ᠂ ᠪᠠᠭᠠᠲᠤᠷ᠂ ᠦ᠋ ᠴᠧᠩ ᠢ᠂ ᠵᠣᠣ ᠰᠢ ᠮᠢᠨ᠂ ᠵᠠᠩ ᠰᠢᠶᠤᠤ ᠬᠤᠩ᠂ ᠼᠤᠤ ᠬᠤᠩ᠂ ᠯᠢᠦ ᠵᠠᠨ ᠶᠢᠩ᠂ ᠶᠠᠩ ᠤᠷᠲᠦ ᠵᠡᠷᠭᠡ ᠤᠳᠤᠷᠢᠳᠤᠯᠭ᠎ᠠ ᠪᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠲᠡᠭᠦᠰᠬᠦ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 339 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 329 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃       ᠬᠤᠷᠠᠯ ᠠᠴᠠ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠬᠥᠬᠡᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ᠂ ᠬᠥᠬᠡᠬᠤᠲᠠ ᠶᠢᠨ 2024 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠥᠰᠦᠪ ᠤᠨ ᠲᠤᠬᠠᠶ ᠰᠢᠢᠳᠪᠦᠷᠢ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠬᠥᠬᠡᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ ᠶᠢ ᠪᠠᠲᠤᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠡᠭᠦᠰᠬᠦ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠲᠡᠷᠡ ᠬᠡᠯᠡᠬᠦ ᠳᠡᠭᠡᠨ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ ᠬᠤᠷᠠᠯ ᠢ ᠮᠠᠰᠢ ᠠᠮᠵᠢᠯᠲᠠ ᠲᠠᠢ ᠬᠤᠷᠠᠯᠳᠤᠭᠤᠯᠤᠭᠰᠠᠨ ᠨᠢ ᠪᠦᠬᠦ ᠬᠤᠳᠠ ᠶᠢᠨ 360 ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠦᠢᠯᠡᠳᠦᠯᠭᠡ ᠳᠤ ᠨᠡᠩ ᠢᠳᠡᠪᠬᠢᠲᠡᠢ ᠣᠷᠣᠯᠴᠠᠭᠤᠯᠬᠤ ᠪᠣᠯᠤᠨ᠎ᠠ ᠭᠡᠪᠡ᠃      ᠪᠣᠣ ᠭᠠᠩ ᠵᠢᠭᠠᠬᠤ ᠳᠠᠭᠠᠨ᠂ 2024 ᠣᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠲᠥᠪ ᠬᠤᠲᠠ ᠶᠢᠨ ᠬᠠᠷᠠᠯᠲᠠ ᠪᠠᠶᠢᠷᠢ ᠲᠣᠭᠲᠠᠭᠠᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠲᠥᠯᠦᠪᠵᠢᠭᠦᠯᠭᠡ ᠪᠠᠶᠢᠷᠢᠰᠢᠭᠤᠯᠤᠯᠲᠠ ᠲᠠᠰᠤᠷᠠᠯᠲᠠ ᠦᠭᠡᠢ ᠰᠢᠯᠢᠳᠡᠭᠵᠢᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ ᠪᠤᠶᠢᠵᠢᠵᠤ᠂ ᠥᠭᠡᠷᠡᠴᠢᠯᠡᠯᠲᠡ ᠨᠡᠬᠡᠬᠡᠯᠳᠡ ᠶᠢᠨ ᠬᠠᠨᠳᠤᠰᠢ ᠡᠷᠴᠢᠲᠡᠢ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠡᠷᠴᠢᠮᠲᠡᠢ ᠪᠤᠯᠵᠤ᠂ ᠺᠠᠳ᠋ᠷ ᠤᠨ ᠰᠤᠷᠲᠠᠯ ᠢᠯᠡᠳᠲᠡ ᠰᠠᠶᠢᠵᠢᠷᠠᠨ᠂ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠳᠪᠠ᠃ ᠭᠤᠣᠯ ᠪᠣᠯᠬᠤ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠮᠤᠵᠢ ᠶᠢᠨ ᠲᠥᠪ ᠬᠤᠲᠠ ᠳᠤ ᠡᠮᠦᠨ᠎ᠡ ᠡᠩᠨᠡᠭᠡᠨ ᠳᠤ ᠪᠠᠶᠢᠵᠤ᠂ ᠣᠷᠣᠨ ᠤ ᠲᠥᠪ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠠᠰᠠ ᠨᠢᠭᠡ ᠰᠢᠨ᠎ᠡ ᠳᠡᠭᠲᠡᠷ ᠲᠤ ᠭᠠᠷᠪᠠ ᠭᠡᠵᠡᠢ᠃      ᠪᠣᠣ ᠭᠠᠩ ᠵᠢᠭᠠᠬᠤ ᠳᠠᠭᠠᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠮᠦᠨ ᠴᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠭᠰᠠᠨ ᠬᠥᠭᠵᠢᠯᠲᠡ ᠶᠢᠨ ᠵᠢᠷᠤᠭ ᠲᠥᠯᠥᠪᠯᠡᠭᠡ ᠪᠣᠯ ᠳᠠᠷᠤᠢ ᠣᠷᠣᠨ ᠤ ᠲᠥᠪ ᠬᠤᠲᠠ ᠶᠢᠨ ᠤᠷᠤᠭᠰᠢᠯᠠᠯᠲᠠ ᠶᠢᠨ ᠴᠢᠭᠯᠡᠯ ᠮᠥᠨ᠂ ᠪᠠᠰᠠ ᠴᠤ ᠮᠠᠨ ᠤ ᠲᠡᠮᠡᠴᠡᠯ ᠤᠨ ᠬᠠᠷᠠᠯᠲᠠ ᠮᠥᠨ᠃ ᠪᠦᠬᠦ ᠬᠤᠳᠠ ᠶᠢᠨ ᠡᠯ᠎ᠡ ᠱᠠᠲᠤᠨ ᠤ ᠺᠠᠳ᠋ᠷᠴᠤᠳ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠨᠡᠩ ᠥᠨᠳᠥᠷ ᠵᠣᠭᠰᠣᠴᠠ ᠪᠠᠷ ᠬᠠᠷᠢᠴᠠᠯᠠᠰᠢᠭᠦᠢ ᠦᠨᠡᠨᠴᠢ ᠰᠢᠳᠤᠷᠭᠤ ᠶᠢ ᠢᠯᠡᠷᠡᠭᠦᠯᠵᠤ᠂ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠡᠯ᠎ᠡ ᠵᠦᠢᠯ ᠤᠨ ᠠᠵᠢᠯ ᠢᠶᠠᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠠᠬᠢᠭᠤᠯᠬᠤ ᠬᠡᠷᠡᠭᠲᠡᠢ᠂ ᠪᠠᠶᠢᠳᠠᠯ ᠨᠠᠷᠢᠨ ᠪᠤᠳᠤᠯᠢᠶᠠᠨᠲᠠᠢ ᠠᠴᠠ ᠪᠤᠯᠵᠤ ᠴᠢᠭᠯᠡᠯ ᠢᠶᠠᠨ ᠠᠯᠳᠠᠬᠤ ᠦᠭᠡᠢ᠂ ᠬᠡᠰᠡᠭ ᠲᠠᠯ᠎ᠠ ᠶᠢᠨ ᠠᠰᠢᠭ ᠲᠤᠰᠠ ᠠᠴᠠ ᠪᠤᠯᠵᠤ ᠣᠯᠵᠤ ᠠᠯᠳᠠᠬᠤ ᠶᠢ ᠯᠡ ᠪᠤᠳᠤᠬᠤ ᠦᠭᠡᠢ᠂ ᠠᠯᠢᠪᠠ ᠪᠦᠬᠦᠨ ᠨᠠᠮ ᠪᠠ ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠮᠡᠳᠡᠵᠦ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠨᠡᠨ ᠬᠦ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠥᠭᠵᠢᠯᠲᠡ ᠶᠢ ᠬᠦᠳᠦᠯᠦᠨ ᠳᠠᠭᠠᠭᠤᠯᠵᠤ᠂ ᠡᠯ᠎ᠡ ᠵᠦᠢᠯ ᠤᠨ ᠠᠵᠢᠯ ᠦᠢᠯᠡᠰ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠯᠠᠪᠳᠠᠭᠤᠨ ᠢᠶᠠᠷ ᠠᠯᠤᠰ ᠢ ᠵᠤᠷᠢᠨ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ᠃ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠨᠡᠩ ᠶᠡᠭᠡ ᠡᠷᠴᠢᠮ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠢᠮᠠᠭᠲᠠ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠢᠨᠵᠧᠨᠧᠷᠢᠩ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠤ ᠲᠥᠪ ᠬᠤᠲᠠ ᠶᠢᠨ ᠨᠥᠯᠥᠭᠡᠯᠡᠬᠦ ᠬᠦᠴᠦᠨ ᠪᠣᠯᠣᠨ ᠳᠠᠶᠢᠴᠢᠯᠠᠬᠤ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠤᠯᠪᠤᠯᠳᠤᠨ ᠬᠡᠯᠬᠢᠶᠡᠵᠢᠯᠲᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠯᠲᠡ᠂ ᠰᠣᠶᠣᠯ ᠵᠢᠭᠤᠯᠴᠢᠯᠠᠯ ᠬᠤᠳᠠᠯᠳᠤᠭᠠᠨ ᠤ ᠲᠦᠷᠦᠯ ᠲᠡᠮᠲᠡᠭᠵᠢᠯᠲᠡ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ ᠴᠤᠭᠴᠠᠵᠢᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠰᠠᠭᠤᠷᠢ ᠶᠢ ᠨᠡᠩ ᠪᠠᠲᠤ ᠪᠠᠬᠢ᠂ ᠠᠵᠤ ᠠᠬᠤᠢ ᠶᠢᠨ ᠬᠡᠪᠴᠢᠶ᠎ᠡ ᠶᠢ ᠨᠡᠩ ᠶᠡᠭᠡ᠂ ᠬᠥᠮᠦᠨ ᠠᠮᠠ ᠶᠢᠨ ᠳᠠᠭᠠᠭᠠᠴᠠ ᠶᠢ ᠨᠡᠩ ᠴᠢᠩᠭ᠎ᠠ᠂ ᠬᠤᠳᠠ ᠶᠢᠨ ᠲᠡᠷᠢᠭᠦᠨ ᠤ ᠪᠠᠶᠢᠷᠢ ᠶᠢ ᠨᠡᠩ ᠥᠨᠳᠥᠷ ᠪᠣᠯᠭᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ᠂ ᠳᠤᠮᠳᠠᠳᠤ ᠤᠷᠤᠰᠬᠠᠯ ᠢ ᠤᠷᠤᠬᠤ ᠳᠤ ᠣᠷᠣᠨ ᠤ ᠲᠥᠪ ᠬᠤᠲᠠ ᠶᠢᠨ ᠬᠦᠴᠦᠨ ᠴᠢᠳᠠᠯ ᠢ ᠦᠨᠡᠨ ᠬᠦ ᠡᠷᠭᠦᠬᠦ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠡᠩ ᠰᠠᠶᠢᠨ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤᠵᠢᠭᠤᠯᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠢᠮᠠᠭᠲᠠ ᠰᠡᠳᠬᠢᠯ ᠳᠡᠭᠡᠨ ᠪᠤᠳᠤᠬᠤ ᠬᠡᠷᠡᠭᠲᠡᠢ᠃ ᠭᠦᠢᠴᠡᠳ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠢᠷᠡᠭᠡᠳᠦᠶ ᠶᠢᠨ ᠭᠤᠷᠪᠠᠨ ᠵᠢᠯ ᠳᠤ ︽ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠦᠷᠭᠦᠯᠵᠢᠯᠡᠨ ᠬᠡᠷᠡᠭᠵᠢᠭᠦᠯᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠡᠮ ᠡᠮᠨᠡᠯᠭᠡ ᠶᠢᠨ ᠲᠥᠪ ᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠡᠬᠢ ᠪᠠᠶᠠᠯᠢᠭ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠨᠠᠷᠢᠯᠢᠭᠵᠢᠭᠤᠯᠵᠤ᠂ ᠨᠡᠭᠡᠭᠡᠯᠲᠡᠲᠡᠶ ᠪᠠᠭᠲᠠᠭᠠᠮᠵᠢᠲᠠᠶ ᠬᠥᠭᠵᠢᠯᠲᠡ ᠶᠢᠨ ᠣᠷᠴᠢᠨ ᠲᠣᠭᠤᠷᠢᠨ᠂ ᠠᠮᠤᠷ ᠲᠠᠶᠢᠪᠤᠩ ᠠᠮᠢᠳᠤᠷᠠᠯ ᠤᠨ ᠣᠷᠴᠢᠨ ᠲᠣᠭᠤᠷᠢᠨ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ᠠᠷᠠᠳ ᠣᠯᠠᠨ ᠤ ᠡᠨᠡᠭᠰᠢᠯ ᠢ ᠨᠠᠩ ᠴᠢᠩᠭ᠎ᠠ᠂ ᠵᠣᠯ ᠵᠢᠷᠭᠠᠯᠲᠤ ᠲᠦᠷᠦᠭᠳᠡᠯ ᠢ ᠨᠠᠩ ᠥᠳᠬᠡᠨ ᠪᠤᠯᠭᠠᠬᠤ ᠭᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠭᠦᠨ ᠴᠢᠷᠮᠠᠶᠢᠵᠤ᠂ ᠨᠡᠩ ᠪᠣᠳᠠᠲᠠᠢ ᠰᠤᠷᠲᠠᠯ ᠢᠶᠠᠷ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠣᠯᠵᠤ᠂        ︽ᠬᠠᠮᠤᠭ ᠰᠠᠶᠢᠬᠠᠨ ᠭᠠᠵᠠᠷ︾ ᠤᠨ ᠪᠠᠷᠢᠮᠵᠢᠶ᠎ᠠ ᠶᠢ ᠪᠠᠷᠢᠮᠲᠠᠯᠠᠵᠤ᠂ ᠦᠨᠡᠨ ᠬᠦ ᠬᠥᠳᠡᠯᠦᠯᠴᠡᠨ᠂ ᠠᠵᠢᠯᠯᠠᠵᠤ᠂ ᠴᠢᠷᠮᠠᠶᠢᠨ ᠲᠡᠮᠡᠴᠡᠵᠦ᠂ ᠺᠠᠳ᠋ᠷᠴᠤᠳ ᠤᠨ ︽ᠨᠢᠭᠡ ᠠᠭᠲᠠ ᠲᠡᠷᠢᠭᠦᠯᠡᠨ ᠮᠠᠩᠯᠠᠶᠢᠯᠠᠬᠤ︾ ᠪᠠᠷ ᠪᠦᠬᠦ ᠨᠡᠶᠢᠭᠡᠮ ᠤᠨ ︽ᠲᠦᠮᠡᠨ ᠠᠭᠲᠠ ᠲᠦᠷᠭᠢᠷᠡᠨ ᠳᠠᠪᠬᠢᠬᠤ︾ ᠢ ᠳᠠᠶᠢᠴᠢᠯᠠᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠠᠰᠠᠭᠤᠳᠠᠯ ᠳᠤ ᠬᠠᠨᠳᠤᠵᠤ᠂ ᠵᠣᠷᠢᠭᠲᠠᠢ ᠪᠠᠷ ᠬᠦᠴᠢᠷ ᠪᠡᠷᠬᠡᠰᠢᠶᠡᠯ ᠲᠠᠢ ᠲᠡᠮᠡᠴᠡᠵᠦ᠂ ᠠᠯᠬᠤᠮ ᠳᠠᠷᠠᠭ᠎ᠠ ᠶᠢ ᠴᠢᠬᠤᠯᠠᠴᠢᠯᠠᠵᠤ ᠰᠠᠶᠢᠨ ᠵᠠᠪᠰᠢᠶᠠᠨ ᠢ ᠠᠯᠳᠠᠵᠤ᠂ ᠯᠠᠪᠳᠠᠭᠤᠨ ᠲᠣᠭᠲᠠᠭᠤᠨ ᠢ ᠬᠦᠭᠡᠭᠡᠴᠡᠯᠳᠦᠵᠦ ᠪᠠᠶᠢᠯᠳᠤᠭᠠᠨ ᠤ ᠲᠣᠬᠢᠶᠠᠯ ᠢ ᠰᠠᠭᠠᠲᠠᠭᠠᠵᠤ᠂ ᠦᠵᠡᠵᠦ ᠬᠦᠯᠢᠶᠡᠬᠦ ᠳᠤᠮᠳᠠ ᠴᠠᠭ ᠲᠣᠬᠢᠶᠠᠯ ᠢ ᠤᠷᠬᠢᠭᠳᠠᠭᠤᠯᠵᠤ ᠶᠠᠭᠠᠬᠢᠭᠰᠠᠨ ᠴᠤ ᠪᠣᠯᠬᠤ ᠦᠭᠡᠢ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠪᠠᠭ᠎ᠠ ᠢᠯᠠᠯᠲᠠ ᠶᠢ ᠬᠤᠷᠠᠮᠳᠤᠭᠤᠯᠤᠨ ᠶᠡᠭᠡ ᠢᠯᠠᠯᠲᠠ ᠣᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠢᠮᠠᠭᠲᠠ ᠪᠠᠷᠢᠮᠲᠠᠯᠠᠵᠤ᠂ ᠪᠠᠶᠢᠭᠤᠯᠤᠯ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠰᠢᠢᠳᠪᠦᠷᠢ ᠭᠠᠷᠭᠠᠬᠤ᠂ ᠲᠣᠮᠢᠯᠠᠵᠤ ᠪᠠᠭᠤᠯᠭᠠᠬᠤ ᠵᠡᠷᠭᠡ ᠡᠷᠬᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠥᠨᠳᠥᠷ ᠦᠷ᠎ᠡ ᠪᠦᠲᠦᠮᠵᠢᠲᠡᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠲᠥᠯᠥᠭᠡᠯᠡᠭᠴᠢᠳ ᠦᠨᠳᠦᠰᠦᠨ ᠬᠠᠤᠯᠢ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠲᠥᠯᠥᠭᠡ ᠢᠯᠡᠭᠦᠬᠡᠨ ᠦᠭᠡ ᠬᠡᠯᠡᠵᠦ᠂ ᠢᠯᠡᠭᠦᠬᠡᠨ ᠠᠰᠢᠭ ᠬᠦᠷᠲᠡᠭᠡᠬᠦ ᠶᠢ ᠰᠦᠪᠡᠭᠴᠢᠯᠡᠵᠦ᠂ ᠢᠯᠡᠭᠦᠬᠡᠨ ᠬᠠᠪᠰᠤᠷᠴᠤ ᠪᠠᠶᠢᠭᠠᠳ ᠤᠴᠢᠷ ᠶᠠᠪᠤᠳᠠᠯ ᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠳᠡᠮᠵᠢᠨ ᠪᠠᠲᠤᠯᠠᠬᠤ ᠬᠡᠷᠡᠭᠲᠡᠢ᠃ ︽ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠪᠣᠯᠤᠨ ᠡᠯ᠎ᠡ ᠨᠢᠭᠡᠴᠢ ᠶᠢᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠵᠡᠢ᠃      ᠡᠦ ᠸᠧᠨ ᠮᠢᠩ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠡᠨᠡ ᠵᠢᠯ ᠤᠨ ᠠᠵᠢᠯ ᠤᠨ ᠶᠡᠷᠦᠩᠬᠡᠢ ᠰᠡᠳᠬᠢᠴᠡ ᠪᠣᠯᠤᠨ ᠬᠠᠷᠠᠯᠲᠠ ᠡᠭᠦᠷᠭᠡ ᠶᠢ ᠲᠤᠳᠤᠷᠬᠠᠶᠢᠯᠠᠭᠰᠠᠨ ᠪᠠᠶᠢᠨ᠎ᠠ ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠲᠤᠰ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠦᠨᠡᠨᠴᠢ ᠰᠢᠳᠤᠷᠭᠤ ᠪᠠᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠶᠡᠭᠡ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠤᠮᠳᠠᠬᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ︽ᠲᠦᠷᠪᠡᠨ ᠪᠠᠶᠢᠭᠤᠯᠭ᠎ᠠ︾ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠣᠷᠣᠨ ᠤ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠵᠡᠢ᠃      ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠪᠠ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠪᠠ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ