ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/1/9
ᠪᠣᠣ ᠭᠠᠩ ᠬᠤᠷᠠᠯ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠼᠦᠢ ᠵᠧᠨ ᠦ᠋ ᠣᠷᠣᠯᠴᠠᠪᠠ      ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠬᠤᠭᠤᠴᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠶᠠᠷᠢᠶ᠎ᠠ ᠲᠠᠯᠪᠢᠪᠠ᠃      ᠪᠣᠣ ᠭᠠᠩ ᠬᠡᠯᠡᠬᠦ ᠳᠡᠭᠡᠨ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠪᠠᠶᠢᠬᠤ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠮᠥᠨ᠂ ᠰᠠᠬᠢᠯᠭ᠎ᠠ ᠪᠠᠲᠤ ᠶᠢ ᠬᠦᠨᠳᠦᠳᠬᠡᠵᠦ᠂ ᠰᠠᠬᠢᠯᠭ᠎ᠠ ᠪᠠᠲᠤ ᠶᠢ ᠵᠢᠷᠤᠮᠯᠠᠨ ᠰᠠᠬᠢᠪᠠᠯ ᠢᠯᠵᠠᠷᠠᠨ ᠳᠣᠷᠦ᠋ᠢᠲᠠᠬᠤ ᠶᠢ ᠬᠤᠷᠢᠭᠯᠠᠵᠤ᠂ ᠠᠯᠢᠪᠠ ᠬᠤᠣᠷ ᠤᠨ ᠲᠦᠷᠢᠮᠡᠬᠡᠶᠢᠯᠡᠯ ᠢ ᠡᠰᠡᠷᠭᠦᠴᠡᠵᠦ ᠴᠢᠳᠠᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠲᠠᠢ ᠨᠡᠪᠲᠡᠷᠡᠯᠴᠡᠭᠦᠯᠦᠨ ᠰᠤᠷᠤᠯᠴᠠᠨ ᠣᠶᠢᠯᠠᠭᠠᠵᠤ᠂ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠶᠢ ᠨᠠᠮ ᠢ ᠬᠠᠮᠢᠶᠠᠷᠴᠤ ᠨᠠᠮ ᠢ ᠵᠠᠰᠠᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠤᠷᠠᠯᠳᠤᠭᠤᠯᠵᠤ᠂ ᠬᠤᠳᠠ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠨ ᠦᠵᠡᠯ ᠰᠠᠨᠠᠭ᠎ᠠ ᠪᠠᠨ ᠪᠠᠶᠢᠴᠠᠭᠠᠨ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠨᠠᠨ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠵᠤ᠂  ᠵᠢᠷᠦᠬᠡᠨ ᠳᠤ ᠪᠠᠨ ᠪᠢᠰᠢᠷᠡᠯ ᠲᠠᠢ᠂ ᠬᠢᠵᠦ ᠪᠤᠯᠬᠤ ᠪᠤᠯᠬᠤ ᠦᠭᠡᠢ ᠶᠢ ᠮᠡᠳᠡᠬᠦ ᠬᠡᠷᠡᠭᠲᠡᠢ᠃ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤ ᠪᠦᠲᠦᠮᠵᠢᠲᠡᠢ ᠪᠠᠶᠢᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠨᠠᠮ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ᠃ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ︾ ᠶᠢ ᠪᠠᠷᠢᠮᠲᠠᠯᠠᠵᠤ᠂ ᠳᠡᠷᠭᠡᠳᠡᠬᠢ ᠤᠴᠢᠷ ᠶᠠᠪᠤᠳᠠᠯ ᠢᠶᠠᠷ ᠳᠡᠷᠭᠡᠳᠡᠬᠢ ᠬᠥᠮᠦᠰ ᠢᠶᠠᠨ ᠰᠡᠷᠡᠮᠵᠢᠯᠡᠭᠦᠯᠬᠦ ᠶᠢ ᠠᠩᠬᠠᠷᠴᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠷᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠬᠦᠴᠦᠯᠡᠨ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠶᠢ ᠴᠢᠩᠭᠠᠳᠬᠠᠵᠤ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠ᠂ ᠡᠬᠢ ᠪᠠᠶᠠᠯᠢᠭ ᠡᠯᠪᠡᠭ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠵᠤ᠂        ︽ᠬᠠᠵᠠᠭᠠᠢ ᠪᠤᠷᠤᠭᠤ ᠶᠢ ᠠᠭᠤᠴᠢᠯᠠᠰᠢ ᠦᠭᠡᠢ︾ ᠨᠠᠷᠢᠨ ᠬᠢᠨᠠᠮᠠᠭᠠᠢ ᠡᠷᠴᠢ ᠵᠣᠷᠢᠭ ᠢᠶᠠᠷ ᠡᠷᠲᠡ ᠠᠴᠠ ᠠᠳᠬᠤᠨ᠂ ᠪᠠᠭ᠎ᠠ ᠳᠡᠭᠡᠷ᠎ᠡ ᠨᠢ ᠰᠡᠷᠭᠡᠶᠢᠯᠡᠬᠦ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠵᠤ᠂ ︽ᠭᠤᠷᠪᠠ ᠶᠢ ᠢᠯᠭᠠᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠬᠡᠯᠪᠡᠷᠢ︾ ︽ᠵᠦᠭᠡᠷ ᠰᠠᠭᠤᠵᠤ ᠬᠤᠭᠤᠰᠣᠨ ᠶᠠᠷᠢᠬᠤ ᠬᠡᠯᠪᠡᠷᠢ︾ ᠶᠢᠨ ᠺᠠᠳ᠋ᠷ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠭᠦᠨᠵᠡᠭᠡᠶ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠭᠦᠯᠵᠦ᠂ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠨᠠᠩ ᠣᠯᠠᠨ ᠴᠠᠭ ᠪᠠ ᠣᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠬᠤ ᠬᠡᠷᠡᠭᠲᠡᠶ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ