ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
ᠾᠧ ᠬᠠᠢ ᠳ᠋ᠦᠩ ᠬᠤᠷᠠᠯ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠵᠠᠳᠠᠯᠬᠤ ᠠᠵᠢᠯ ᠤᠨ ᠬᠤᠪᠢᠶᠠᠷᠢᠯᠠᠯ ᠤᠨ ᠲᠥᠰᠦᠯ︾ ᠢ ᠬᠢᠨᠠᠨ ᠵᠥᠪᠯᠡᠪᠡ᠃      ᠬᠤᠷᠠᠯ ᠠᠴᠠ ᠵᠢᠭᠠᠨ ᠭᠠᠷᠭᠠᠭᠰᠠᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠬᠤᠳᠠ ᠶᠢᠨ ᠵᠠᠰᠠᠭ ᠤᠨ ᠣᠷᠳᠣᠨ ᠤ ᠪᠦᠬᠦ ᠵᠢᠯ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠶᠢᠷᠢᠯᠠᠭᠤᠯᠤᠨ ᠠᠬᠢᠭᠤᠯᠬᠤ ︽ᠪᠠᠷᠢᠯᠭ᠎ᠠ ᠶᠢᠨ ᠵᠢᠷᠤᠭ︾ ᠪᠠ ︽ᠡᠭᠦᠷᠭᠡ ᠶᠢᠨ ᠪᠢᠴᠢᠭ︾ ᠪᠣᠯᠤᠨ᠎ᠠ᠃ ᠢᠯᠡᠳᠬᠡᠯ ᠳᠤ ᠠᠵᠤ ᠠᠬᠤᠶ᠂ ᠠᠮᠢ ᠠᠬᠤᠶ᠂ ᠰᠤᠷᠭᠠᠨ ᠬᠥᠮᠦᠵᠢᠯ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠥᠭᠡᠷᠡᠴᠢᠯᠡᠯᠲᠡ ᠶᠢᠨ ᠵᠦᠢᠯᠡᠰ ᠢ ᠪᠦᠬᠦᠨ ᠢ ᠬᠤᠲᠠ ᠶᠢᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠤᠨ ᠨᠠᠷᠢᠨ ᠬᠠᠭᠤᠳᠠᠰᠤ ᠳᠤ ᠤᠷᠤᠭᠤᠯᠵᠠᠢ᠃ ᠡᠭᠦᠨ ᠠᠴᠠ ᠭᠠᠳᠠᠨ᠎ᠠ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠠᠴᠠ 2025 ᠣᠨ ᠤ ᠮᠠᠨ ᠤ ᠬᠤᠲᠠ ᠶᠢᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠨᠠᠷᠢᠨ ᠬᠠᠭᠤᠳᠠᠰᠤ ᠶᠢ ᠰᠣᠩᠭᠤᠨ ᠲᠣᠭᠲᠠᠭᠠᠪᠠ᠂ ᠡᠨᠡ ᠪᠣᠯ ᠡᠨᠡ ᠵᠢᠯ ᠤᠨ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠠᠷᠢᠨ ᠲᠠᠩᠰᠠ ᠪᠣᠯᠬᠤ ᠪᠠᠷ ᠪᠠᠷᠠᠬᠤ ᠥᠬᠡᠶ᠂ ᠪᠠᠰᠠ ᠴᠤ ᠪᠥᠬᠦ ᠬᠤᠲᠠ ᠶᠢᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠤᠪᠢᠶᠠᠷᠢᠯᠠᠯ ᠤᠨ ᠲᠥᠰᠦᠯ ᠲᠠᠢ ᠨᠠᠷᠢᠨ ᠬᠠᠷᠭᠤᠭᠤᠯᠵᠤ᠂ ᠲᠤᠰ ᠭᠠᠵᠠᠷ ᠣᠷᠣᠨ ᠲᠤᠰ ᠬᠦᠷᠢᠶᠡᠨ ᠤ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠦᠷᠦᠯ ᠵᠦᠢᠯ ᠪᠣᠯᠤᠨ ᠴᠢᠬᠤᠯᠠ ᠲᠦᠷᠦ ᠶᠢᠨ ᠪᠤᠳᠤᠯᠭ᠎ᠠ ᠶᠢ ᠰᠤᠳᠤᠯᠤᠨ ᠡᠮᠬᠢᠯᠡᠵᠦ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠭᠦᠢᠴᠡᠳᠬᠡᠬᠦ ᠶᠢ ᠥᠷᠨᠢᠭᠦᠯᠵᠦ᠂ ᠡᠭᠦᠷᠭᠡ ᠶᠢᠨ ᠠᠬᠢᠴᠠ ᠶᠢ ᠨᠢᠭᠲᠠ ᠮᠥᠷᠳᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠪᠦᠬᠦ ᠬᠤᠳᠠ ᠶᠢᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ