ᠬᠥᠬᠡᠬᠤᠲᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠢᠯᠡᠬᠡᠨ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/1/9
       ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠰᠢᠦᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠰᠢᠦᠳᠠᠨ ᠤ ᠶᠠᠪᠤᠳᠠᠯ ᠤᠨ ᠲᠦᠷᠭᠡᠨ ᠬᠦᠷᠭᠡᠬᠦ ᠠᠵᠢᠯ ᠲᠥᠷᠥᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠢᠯᠡᠬᠡᠨ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠤᠳᠠᠨ ᠤ ᠲᠦᠷᠭᠡᠨ ᠬᠦᠷᠭᠡᠬᠦ ᠦᠢᠯᠡᠰ ᠤᠨ ᠠᠵᠢᠯ ᠲᠥᠷᠥᠯ ᠤᠨ ᠠᠵᠢᠯᠯᠠᠭᠠᠨ ᠤ ᠬᠢᠨᠠᠨ ᠬᠡᠮᠵᠢᠯᠲᠡ ᠪᠠ ᠵᠢᠯᠣᠭᠤᠳᠤᠨ ᠲᠣᠬᠢᠷᠠᠭᠤᠯᠤᠯᠲᠠ ᠶᠢ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠡᠭᠡᠨ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠢᠯᠡᠭᠡᠨ ᠬᠦᠷᠭᠡᠬᠦ ᠦᠢᠯᠡᠴᠢᠯᠡᠭᠡ ᠪᠠ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠵᠢᠯ ᠲᠥᠷᠥᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠥᠮᠦᠨ ᠤ ᠬᠦᠴᠦᠨ᠂ ᠪᠣᠳᠠᠰ ᠤᠨ ᠬᠦᠴᠦᠨ᠂ ᠲᠡᠭᠡᠭᠡᠪᠦᠷᠢ ᠶᠢᠨ ᠬᠦᠴᠦᠨ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠦᠵᠦᠭᠦᠷ ᠤᠨ ᠦᠢᠯᠡᠴᠢᠯᠡᠭᠡᠨ ᠢ ᠰᠠᠶᠢᠲᠤᠷ ᠬᠢᠵᠦ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠢᠯᠡᠭᠡᠨ ᠬᠦᠷᠭᠡᠬᠦ ᠦᠢᠯᠡᠴᠢᠯᠡᠭᠡᠨ ᠤ ᠴᠢᠳᠠᠪᠤᠷᠢ ᠶᠢ ᠪᠠᠲᠤᠯᠠᠬᠤ ᠬᠡᠷᠡᠭᠲᠡᠢ᠃ ᠢᠯᠡᠭᠡᠨ ᠬᠦᠷᠭᠡᠬᠦ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠲᠦᠷᠭᠡᠨ ᠬᠦᠷᠭᠡᠭᠴᠢ ᠶᠢ ᠤᠯᠠᠮ ᠨᠢᠭᠡ ᠠᠯᠬᠤᠮ ᠬᠠᠯᠠᠮᠵᠢᠯᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠣᠷᠣᠨ ᠪᠦᠰᠡ ᠶᠢᠨ ᠶᠡᠷᠦᠩᠬᠡᠶ ᠬᠡᠯᠲᠡᠰ ᠤᠨ ᠨᠢᠭᠡᠳᠦᠯᠲᠡᠶ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠤᠯᠪᠣᠭᠠᠯᠠᠯ ᠤᠨ ᠲᠣᠤᠷ ᠴᠡᠭ ︵ᠠᠵᠤ ᠠᠬᠤᠶᠢᠯᠠᠯ︶ ᠪᠣᠯᠤᠨ ᠰᠠᠯᠪᠤᠷᠢ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠥᠭᠡᠭᠡᠪᠦᠷᠢ ᠶᠢᠨ ᠢᠯᠡᠬᠡᠨ ᠬᠦᠷᠭᠡᠬᠦ ᠦᠢᠯᠡᠴᠢᠯᠡᠭᠡᠨ ᠤ ᠠᠮᠤᠷ ᠲᠦᠪᠰᠢᠨ ᠪᠥᠭᠡᠳ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ