ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠤᠯᠠᠮ ᠭᠦᠨᠵᠡᠭᠡᠶᠢᠷᠡᠭᠦᠯᠵᠦ᠂ ᠭᠦᠭᠡᠬᠤᠲᠠ ᠶᠢᠨ ᠵᠠᠯᠠᠭᠤᠴᠤᠳ ᠪᠠᠭᠠᠴᠤᠳ ᠤᠨ | ᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠵᠠᠯᠠᠭᠤᠴᠤᠳ | ᠪᠠᠭᠠᠴᠤᠳ ᠤᠨ ᠪᠦᠭᠡ ᠶᠢᠨ ᠲᠥᠷᠥᠯ ᠵᠦᠢᠯ ᠤᠨ ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ ᠲᠦᠷᠦᠭᠦᠬᠡᠨ ᠭᠦᠭᠡᠬᠤᠲᠠ ᠶᠢᠨ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠭᠦᠭᠡᠬᠤᠲᠠ ᠶᠢᠨ ᠵᠠᠯᠠᠭᠤᠴᠤᠳ ᠪᠠᠭᠠᠴᠤᠳ ᠤᠨ ᠪᠦᠭᠡ ᠶᠢᠨ ᠢᠯᠠ ᠤᠷᠤᠯᠳᠤᠭᠠᠨ ᠢ ᠡᠷᠭᠢᠯᠡᠨ ᠶᠠᠪᠤᠭᠳᠠᠭᠤᠯᠪᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠦᠭᠡ ᠶᠢᠨ ᠣᠷᠳᠣᠨ ᠳᠤ | ᠶᠠᠪᠤᠭᠳᠠᠵᠤ᠂ ᠰᠢᠨᠵᠢᠶᠠᠩ ᠤᠨ ᠮᠤᠩᠭᠤᠯᠭᠦ᠋ᠷᠢᠶᠡ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ᠂ ᠭᠠᠨᠰᠤ ᠶᠢᠨ ᠵᠢᠦᠴᠢᠦᠸᠠᠨ ᠤ ᠪᠡᠶ᠎ᠡ ᠶᠢᠨ ᠲᠠᠮᠢᠷ ᠤᠨ ᠰᠤᠷᠭᠠᠭᠤᠯᠢ | ᠵᠢᠴᠢ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ 10 ᠲᠥᠯᠥᠭᠡᠯᠡᠭᠴᠢᠳ ᠤᠨ ᠠᠩᠭᠢ ᠶᠢᠨ ᠨᠡᠶᠢᠲᠡ 200 | ᠭᠠᠷᠤᠢ ᠲᠠᠮᠢᠷᠴᠢᠨ ᠣᠷᠣᠯᠴᠠᠪᠠ᠃ ᠤᠷᠤᠯᠳᠤᠭᠠᠨ ᠢᠶᠠᠷ ᠳᠠᠮᠵᠢᠨ ᠡᠯ᠎ᠡ ᠲᠥᠯᠥᠭᠡᠯᠡᠭᠴᠢᠳ ᠤᠨ ᠠᠩᠭᠢ ᠬᠠᠷᠢᠯᠴᠠᠨ ᠰᠤᠷᠤᠯᠴᠠᠵᠦ᠂ ᠤᠷᠤᠯᠳᠤᠭᠠᠨ ᠤ | ᠲᠦᠪᠰᠢᠨ ᠢᠶᠠᠨ ᠳᠡᠭᠡᠭᠰᠢᠯᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠪᠡ᠃ | |