2024 ᠣᠨ ᠳᠤ᠂ ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠡᠬᠢ | ᠪᠠᠶᠠᠯᠢᠭ ᠢ ᠬᠠᠮᠠᠭᠠᠯᠠᠬᠤ᠂ ᠠᠵᠤ ᠦᠢᠯᠡᠰ ᠢ ᠬᠥᠭᠵᠢᠭᠦᠯᠬᠦ ᠭᠤᠷᠪᠠᠨ ᠶᠡᠭᠡ ᠲᠦᠷᠦᠯ ᠤᠨ ᠲᠣᠭᠤᠷᠢᠨ ᠳᠤ 21 ᠤᠢ ᠰᠢᠭᠤᠢ ᠪᠠ ᠨᠤᠲᠤᠭ ᠪᠡᠯᠴᠢᠭᠡᠷ ᠤᠨ | ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠭᠰᠡᠨ ᠪᠥᠭᠡᠳ ᠪᠦᠭᠦᠨ ᠢᠶᠠᠷ ᠢᠶᠠᠨ ᠰᠢᠨ᠎ᠡ ᠲᠦᠷᠦᠯ ᠵᠦᠢᠯ ᠪᠣᠯᠣᠨ᠎ᠠ᠃ ᠬᠤᠲᠠ᠂ | ᠰᠢᠶᠠᠨ ᠬᠤᠶᠠᠷ ᠳᠡᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠦᠷᠦᠯ ᠵᠦᠢᠯ ᠢ ᠪᠦᠭᠦ ᠬᠦᠴᠦ ᠪᠠᠷ ᠠᠬᠢᠭᠤᠯᠤᠭᠰᠠᠨ ᠢᠶᠠᠷ᠂ ᠤᠳᠤ | ᠪᠤᠯᠬᠤ ᠳᠤ ᠵᠢᠯ ᠤᠨ ᠪᠦᠲᠦᠭᠡᠨ ᠪᠠᠶᠢᠭᠤᠯᠬᠤ ᠠᠵᠢᠯ ᠨᠢᠭᠡᠨᠲᠡ ᠪᠦᠭᠦᠨ ᠢᠶᠠᠷ ᠢᠶᠠᠨ ᠳᠠᠭᠤᠰᠴᠤ᠂ ᠤᠷᠢᠳᠴᠢᠯᠠᠭᠰᠠᠨ ᠬᠠᠷᠠᠯᠲᠠ ᠵᠣᠷᠢᠯᠲᠠ ᠳᠠᠭᠠᠨ ᠬᠦᠷᠴᠦ | ᠴᠢᠳᠠᠪᠠ᠃ | ᠭᠦᠭᠡᠬᠤᠲᠠ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠤᠨᠤᠯ ᠢ ᠪᠠᠷᠢᠮᠲᠠᠯᠠᠨ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ 2024 ᠣᠨ ᠳᠤ ᠤᠢ ᠰᠢᠭᠤᠢ ᠪᠠ ᠨᠤᠲᠤᠭ ᠪᠡᠯᠴᠢᠭᠡᠷ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 49.19 ᠲᠦᠮᠡᠨ ᠮᠦ ᠪᠡᠶᠡᠯᠡᠭᠦᠯᠬᠦ ᠶᠢᠨ ᠬᠠᠮᠲᠤ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ | ᠶᠢ 1653.7 ᠲᠦᠮᠡᠨ ᠮᠦ ᠪᠡᠶᠡᠯᠡᠭᠦᠯᠵᠦ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠤᠪᠢ ᠨᠡᠮᠡᠷᠢ ᠦᠵᠡᠭᠦᠯᠪᠡ; | 2024 ᠣᠨ ᠳᠤ ᠤᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠭᠦ ᠶᠢᠨ ᠬᠠᠮᠲᠤ ᠡᠷᠲᠡᠨ ᠤ ᠮᠣᠳᠣ ᠨᠡᠷᠡᠲᠤ ᠮᠣᠳᠣ ᠶᠢ ᠬᠠᠮᠠᠭᠠᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠠᠶᠢᠭᠠᠯᠢ ᠶᠢᠨ ᠬᠠᠮᠠᠭᠠᠯᠠᠯᠲᠠ | ᠶᠢᠨ ᠭᠠᠵᠠᠷ ᠤᠨ ᠰᠢᠰᠲ᠋ᠧᠮ ᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠤᠢ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ | ᠪᠣᠳᠠᠰ ᠤᠨ ᠰᠡᠷᠭᠡᠶᠢᠯᠡᠯᠲᠡ ᠶᠢ ᠰᠠᠶᠢᠲᠤᠷ ᠬᠢᠵᠦ᠂ ᠤᠢ ᠰᠢᠭᠤᠢ ᠶᠢᠨ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠨᠤᠲᠤᠭ ᠪᠡᠯᠴᠢᠭᠡᠷ ᠤᠨ | ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠭᠦᠷᠭᠡ ᠶᠢ ᠲᠤᠰ ᠲᠤᠰ 34.6 ᠲᠦᠮᠡᠨ ᠮᠦ᠂ 45 ᠲᠦᠮᠡᠨ ᠮᠦ ᠪᠡᠶᠡᠯᠡᠭᠦᠯᠪᠡ; ᠠᠮᠢ ᠠᠬᠤᠢ ᠶᠢᠨ | ᠳᠠᠪᠠᠭᠤᠯᠢᠭ ᠢᠶᠠᠨ ᠠᠵᠤ ᠠᠬᠤᠢ ᠶᠢᠨ ᠳᠠᠪᠠᠭᠤᠯᠢᠭ ᠪᠤᠯᠭᠠᠬᠤ ᠪᠦᠲᠦᠮᠵᠢᠲᠠᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠮᠢ ᠠᠬᠤᠢ ᠶᠢᠨ ᠳᠠᠯᠳᠠ | ᠬᠦᠴᠦᠨ ᠢ ᠲᠠᠰᠤᠷᠠᠯᠲᠠ ᠦᠭᠡᠢ ᠠᠭᠤᠳᠠᠯᠤᠨ᠂ ᠤᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠳᠡᠰ ᠳᠡᠪᠰᠢᠬᠦ ᠳᠤ ᠬᠦᠴᠦᠨ ᠨᠡᠮᠡᠷᠢᠯᠡᠵᠦ᠂ | ᠬᠤᠷᠢᠨᠭᠡᠷ ᠰᠢᠶᠠᠨ ᠤ ᠴᠠᠨ᠎ᠠ ᠴᠡᠴᠡᠭ ᠤᠨ ᠬᠦᠷᠢᠶᠡᠯᠡᠩ ᠢ ᠥᠷᠭᠡᠳᠬᠡᠨ ᠪᠠᠶᠢᠭᠤᠯᠬᠤ ᠵᠡᠷᠭᠡ 4 ᠤᠢ ᠰᠢᠭᠤᠢ ᠶᠢᠨ ᠠᠵᠤ ᠦᠢᠯᠡᠰ ᠤᠨ ᠲᠦᠷᠦᠯ ᠵᠦᠢᠯ ᠣᠨ | ᠤ ᠡᠭᠦᠷᠭᠡ ᠪᠠᠨ ᠪᠦᠭᠦᠨ ᠢ ᠪᠡᠶᠡᠯᠡᠭᠦᠯᠦᠭᠰᠡᠨ ᠪᠥᠭᠡᠳ ᠲᠣᠭᠲᠠᠬᠤ ᠰᠢᠶᠠᠨ ᠤ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠳᠤ 15682 | ᠰᠠᠭᠤᠷᠢ ᠨᠠᠷᠠᠰᠤ ᠪᠠ ᠴᠠᠭᠠᠨ ᠬᠠᠶᠢᠯᠠᠰᠤ ᠶᠢ ᠪᠣᠶᠢᠵᠢᠭᠤᠯᠵᠤ᠂ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠤᠢ ᠶᠢᠨ ᠳᠣᠲᠣᠷᠠᠬᠢ ᠠᠵᠤ | ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ | | | |