ᠣᠶᠢᠷ᠎ᠠ ᠳᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠴᠡᠷᠢᠭ ᠠᠩᠭᠢ ᠶᠢᠨ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠦᠢᠯᠡᠴᠢᠯᠡᠭᠡᠨ ᠤ ᠪᠠᠶᠢᠭᠤᠯᠤᠮᠵᠢ ᠦᠴᠦᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠮᠲᠤᠷᠠᠨ ᠳ᠋ᠠ ᠰᠢᠩ | ᠶᠢᠤ ᠲᠣᠰᠬᠤᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠬᠢᠷ ᠡᠪᠦᠯ ᠤᠨ ᠬᠦᠢᠲᠡᠨ ᠳᠤ ᠬᠤᠪᠢᠰᠬᠠᠯ ᠤᠨ ᠡᠷᠲᠡ | ᠴᠢᠯᠦᠭᠡᠯᠡᠭᠳᠡᠭᠰᠡᠨ ᠣᠷᠣᠨ ᠤ ᠣᠯᠠᠨ ᠲᠦᠮᠡᠨ ᠳᠤ ᠡᠷᠡᠭᠦᠯ ᠮᠡᠨᠳᠦ ᠪᠠ ᠬᠠᠶᠢᠷ᠎ᠠ ᠬᠠᠯᠠᠮᠵᠢ ᠬᠦᠷᠭᠡᠪᠡ᠃ | ᠡᠮᠴᠢᠯᠡᠭᠡᠨ ᠤ ᠠᠵᠢᠯᠯᠠᠭ᠎ᠠ ᠶᠢᠨ ᠠᠬᠤᠢ ᠲᠠᠯᠠᠪᠠᠢ ᠳᠤ ᠡᠮᠴᠢ ᠰᠤᠪᠢᠯᠠᠭᠴᠢᠳ ᠡᠪᠡᠳᠴᠢᠨ ᠦᠵᠡᠭᠦᠯᠭᠦ ᠪᠠᠷ ᠢᠷᠡᠭᠰᠡᠨ ᠲᠣᠰᠬᠤᠨ ᠤ ᠠᠷᠠᠳ ᠲᠤ | ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ ᠬᠢᠬᠦ ᠶᠢᠨ ᠬᠠᠮᠲᠤ ᠲᠣᠰᠬᠤᠨ ᠤ ᠠᠷᠠᠳ ᠤᠨ ᠪᠡᠶ᠎ᠡ ᠶᠢᠨ | ᠪᠠᠶᠢᠳᠠᠯ ᠢ ᠦᠨᠳᠦᠰᠦᠯᠡᠨ ᠡᠮᠴᠢᠯᠡᠭᠡᠨ ᠤ ᠰᠠᠨᠠᠭᠤᠯᠭ᠎ᠠ ᠥᠭᠪᠡ᠃ ᠡᠭᠦᠨ ᠤ ᠬᠠᠮᠲᠤ ᠲᠤᠰ ᠪᠠᠶᠢᠭᠤᠯᠤᠮᠵᠢ ᠠᠴᠠ ᠲᠤᠰᠬᠠᠢ ᠬᠥᠮᠥᠨ ᠲᠣᠬᠢᠷᠠᠭᠤᠯᠵᠤ᠂ ᠲᠥᠭᠦᠮ | ᠣᠶᠢᠯᠠᠭᠠᠮᠵᠢᠲᠠᠢ ᠦᠭᠡ ᠭᠡᠯᠡ ᠪᠠᠷ ᠲᠣᠰᠬᠤᠨ ᠤ ᠠᠷᠠᠳ ᠲᠤ ᠡᠪᠦᠯ ᠤᠨ ᠤᠯᠠᠷᠢᠯ ᠤᠨ ᠪᠡᠶ᠎ᠡ ᠰᠤᠪᠢᠯᠠᠬᠤ ᠮᠡᠳᠡᠯᠭᠡ᠂ ᠦᠷᠭᠦᠯᠵᠢ ᠲᠣᠬᠢᠶᠠᠯᠳᠤᠳᠠᠭ ᠡᠪᠡᠳᠴᠢᠨ | ᠡᠮᠭᠡᠭ ᠢ ᠤᠷᠢᠳᠴᠢᠯᠠᠨ ᠰᠡᠷᠭᠡᠶᠢᠯᠡᠬᠦ ᠵᠢᠴᠢ ᠢᠳᠡᠵᠦ ᠤᠤᠭᠤᠬᠤ ᠤᠨᠲᠠᠵᠤ ᠬᠡᠪᠲᠡᠬᠦ ᠰᠠᠶᠢᠨ ᠳᠠᠳᠬᠠᠯ ᠢ ᠬᠥᠮᠥᠵᠢᠭᠦᠯᠬᠦ ᠵᠡᠷᠭᠡ ᠡᠷᠡᠭᠦᠯ ᠡᠩᠬᠡ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠵᠠᠢ᠃ ᠤᠬᠠᠭᠤᠯᠤᠨ | ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ ᠦᠴᠦᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠠᠵᠢᠯ ᠤᠨ | ᠠᠵᠢᠯᠲᠠᠳ ᠣᠯᠠᠨ ᠲᠦᠮᠡᠨ ᠤ ᠣᠶᠢᠯᠠᠭᠠᠵᠤ ᠮᠡᠳᠡᠬᠦ ᠨᠤᠲᠤᠭ ᠤᠨ ᠦᠭᠡ ᠭᠡᠯᠡ ᠪᠠᠷ ᠲᠣᠰᠬᠤᠨ ᠤ ᠠᠷᠠᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠰᠤᠷᠭᠠᠨ | ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠨ ᠲᠠᠨᠢᠯᠴᠠᠭᠤᠯᠪᠠ᠃ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠴᠡᠷᠢᠭ ᠠᠩᠭᠢ ᠶᠢᠨ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠤᠯᠠᠨ ᠲᠦᠮᠡᠨ ᠢ ᠢᠮᠠᠭᠲᠠ | ᠰᠡᠳᠬᠢᠯ ᠳᠡᠭᠡᠨ ᠪᠤᠳᠤᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠪᠠ ᠬᠠᠯᠠᠭᠤᠨ ᠳᠣᠲᠣᠨᠣ ᠦᠢᠯᠡᠴᠢᠯᠡᠭᠡ ᠪᠠᠷ ᠤᠯᠠᠨ ᠲᠦᠮᠡᠨ ᠤ ᠡᠷᠡᠭᠦᠯ ᠮᠡᠨᠳᠦ ᠶᠢ | ᠰᠠᠬᠢᠨ ᠬᠠᠮᠠᠭᠠᠯᠠᠪᠠ᠃ ᠬᠤᠶᠢᠰᠢᠳᠠ ᠳᠤᠰ ᠦᠢᠯᠡᠴᠢᠯᠡᠭᠡᠨ ᠤ ᠪᠠᠶᠢᠭᠤᠯᠤᠮᠵᠢ ᠨᠢ ᠡᠬᠢ ᠪᠠᠶᠠᠯᠢᠭ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠰᠠᠭᠤᠭ᠎ᠠ | ᠭᠠᠵᠠᠷ ᠤᠨ ᠪᠠᠶᠢᠭᠤᠯᠭ᠎ᠠ ᠨᠢᠭᠡᠴᠢ ᠲᠠᠢ ᠬᠠᠮᠲᠤᠷᠠᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠠᠩ ᠣᠯᠠᠨ ᠥᠷᠨᠢᠭᠦᠯᠵᠦ᠂ ᠬᠤᠪᠢᠰᠬᠠᠯ ᠤᠨ ᠡᠷᠲᠡ | ᠴᠢᠯᠦᠭᠡᠯᠡᠭᠳᠡᠭᠰᠡᠨ ᠣᠷᠣᠨ ᠤ ᠣᠯᠠᠨ ᠲᠦᠮᠡᠨ ᠳᠤ ︽ᠴᠡᠷᠢᠭ ᠤᠨ ᠰᠡᠳᠬᠢᠯ︾᠂ ︽ᠠᠷᠠᠳ ᠤᠨ ᠰᠡᠳᠬᠢᠯ︾ ᠬᠤᠯᠪᠣᠯᠳᠤᠵᠤ ᠪᠠᠶᠢᠭ᠎ᠠ ᠬᠠᠯᠠᠭᠤᠨ ᠳᠤᠯᠠᠭᠠᠨ ᠢ | ᠦᠨᠡᠨ ᠬᠦ ᠮᠡᠳᠡᠷᠡᠭᠦᠯᠬᠦ ᠪᠣᠯᠣᠨ᠎ᠠ᠃ |