ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠤᠨ ᠨᠥᠬᠦᠪᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2025/1/9
       ︵ᠰᠤᠷᠪᠤᠯᠵᠢᠯᠠᠭᠴᠢ ᠰᠥᠩ ᠰᠢᠶᠠᠩ ᠬᠤᠸᠠ  ᠴᠢᠮᠡᠭᠡᠯᠡᠭᠴᠢ ᠯᠢᠶᠠᠨ ᠢ ᠪᠢᠨ︶  ᠣᠶᠢᠷ᠎ᠠ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠥᠬᠡᠬᠤᠲᠠ ᠶᠢᠨ ᠪᠠᠴᠢᠮ ᠪᠠᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠨᠥᠬᠦᠪᠦᠷᠢ ᠮᠥᠩᠭᠦ︶ 2473.81 ᠲᠦᠮᠡᠨ ᠲᠥᠭᠦᠷᠢᠭ ᠢ ᠢᠳᠡᠪᠬᠢᠲᠡᠢ ᠭᠤᠶᠤᠴᠢᠯᠠᠨ ᠣᠯᠪᠠ᠃ ᠡᠭᠦᠨ ᠤ ᠬᠠᠮᠲᠤ᠂ ᠬᠤᠲᠠ ᠶᠢᠨ ᠲᠣᠰ ᠱᠠᠲᠤᠨ ᠠᠴᠠ ᠢᠵᠢ ᠪᠥᠷᠢᠳᠦᠭᠦᠯᠬᠦ ᠪᠠᠯᠠ ᠮᠥᠩᠭᠦ 100 ᠲᠦᠮᠡᠨ ᠲᠥᠭᠦᠷᠢᠭ ᠳᠣᠭᠢᠷᠠᠭᠤᠯᠵᠤ᠂ 2024 ᠣᠨ ᠳᠤ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠬᠤᠭᠤᠴᠠᠭᠠᠨ ᠳᠠᠬᠢ ᠠᠮᠢᠳᠤᠷᠠᠯ ᠤᠨ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠬᠦ ᠪᠠᠷ ᠲᠥᠯᠥᠪᠯᠡᠵᠡᠢ᠃      ᠣᠶᠢᠯᠠᠭᠠᠭᠰᠠᠨ ᠢᠶᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠪᠠᠯᠠ ᠮᠥᠩᠭᠦ ᠪᠠᠭᠤᠯᠭᠠᠬᠤ ᠶᠢᠨ ᠬᠠᠮᠲᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠯᠠ ᠮᠥᠩᠭᠦ ᠶᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠮᠰᠢᠭᠳᠠᠭᠰᠠᠨ  ᠠᠷᠠᠳ ᠲᠤ ᠴᠠᠭ ᠲᠤᠬᠠᠶ ᠳᠤᠨᠢ ᠣᠯᠭᠤᠬᠤ ᠶᠢ ᠦᠨᠡᠨ ᠬᠦ ᠪᠠᠲᠤᠯᠠᠵᠤ᠂ ᠪᠠᠯᠠ ᠮᠥᠩᠭᠦ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠵᠤ᠂ ᠭᠠᠮᠰᠢᠭᠳᠠᠭᠰᠠᠨ ᠣᠯᠠᠨ ᠲᠦᠮᠡᠨ ᠢ ᠳᠤᠯᠠᠭᠠᠨ ᠪᠦᠯᠢᠶᠡᠨ ᠡᠪᠦᠯᠵᠢᠭᠦᠯᠬᠦ ᠶᠢ ᠦᠨᠡᠨ ᠬᠦ ᠪᠠᠲᠤᠯᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ