︵ᠰᠤᠷᠪᠤᠯᠵᠢᠯᠠᠭᠴᠢ ᠰᠦᠨ ᠶᠤᠸᠠᠢ ᠯᠦᠩ︶ 2 ᠳ᠋ᠤᠭᠠᠷ ᠰᠠᠷ᠎ᠠ ᠶᠢᠨ 9 ᠤ ᠡᠳᠦᠷ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠨᠠ ᠰᠢᠩ ︵ᠨᠢᠩᠪᠦ᠋ᠸᠧ︶ ᠬᠠᠭᠠᠰ ᠳᠠᠮᠵᠢᠭᠤᠯᠤᠭᠴᠢ ᠶᠢᠨ ᠬᠢᠵᠠᠭᠠᠷᠲᠤ ᠺᠣᠮᠫᠠᠨᠢ ᠶᠢᠨ ᠬᠢᠨ ᠠᠯᠮᠠᠰ | ᠴᠢᠯᠠᠭᠤ ᠢᠯᠴᠢ ᠶᠢᠨ ᠬᠠᠮᠢᠶᠠᠷᠤᠯᠲᠠ ᠶᠢᠨ ᠮᠠᠲ᠋ᠧᠷᠢᠶᠠᠯ ᠢ ᠠᠵᠤ ᠦᠢᠯᠡᠰᠵᠢᠭᠦᠯᠬᠦ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠤᠭᠰᠠᠨ ᠨᠢ | ᠬᠤᠶᠠᠷ ᠲᠠᠯ᠎ᠠ ᠶᠢᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ | ᠬᠠᠷᠠᠭᠤᠯᠵᠤ ᠪᠠᠶᠢᠨ᠎ᠠ᠃ | ᠨᠠ ᠰᠢᠩ ︵ᠨᠢᠩᠪᠦ᠋ᠸᠧ︶ ᠬᠠᠭᠠᠰ ᠳᠠᠮᠵᠢᠭᠤᠯᠤᠭᠴᠢ ᠶᠢᠨ ᠬᠢᠵᠠᠭᠠᠷᠲᠤ ᠺᠣᠮᠫᠠᠨᠢ ᠪᠣᠯ MPCVD ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢ | ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠳᠤ ᠠᠩᠬᠠᠷᠤᠯ ᠢᠶᠠᠨ ᠬᠠᠨᠳᠤᠭᠤᠯᠤᠭᠰᠠᠨ ᠲᠡᠷᠢᠭᠦᠨ ᠦᠢᠯᠡᠳᠭᠡᠯ ᠤᠨ ᠠᠵᠤ ᠠᠬᠤᠶᠢᠯᠠᠯ ᠪᠣᠯᠤᠨ᠎ᠠ᠃ ᠲᠡᠭᠦᠨ ᠤ | ᠲᠥᠬᠦᠭᠡᠷᠦᠮᠵᠢ ᠨᠢ ᠠᠯᠮᠠᠰ ᠴᠢᠯᠠᠭᠤ ᠬᠠᠭᠠᠰ ᠳᠠᠮᠵᠢᠭᠤᠯᠤᠭᠴᠢ ᠶᠢᠨ ᠬᠦᠷᠢᠶᠡᠨ ᠳᠤ ᠥᠷᠭᠡᠨ ᠳᠡᠯᠭᠡᠷ ᠬᠡᠷᠡᠭᠯᠡᠭᠳᠡᠵᠦ᠂ ᠺᠣᠮᠫᠠᠨᠢ ᠶᠢᠨ ᠪᠡᠶ᠎ᠡ ᠪᠠᠨ ᠳᠠᠭᠠᠭᠠᠵᠤ | ᠰᠤᠳᠤᠯᠤᠨ ᠨᠡᠭᠡᠭᠡᠭᠰᠡᠨ ᠢᠯᠴᠢ ᠶᠢᠨ ᠬᠠᠮᠢᠶᠠᠷᠤᠯᠲᠠ ᠶᠢᠨ ᠠᠯᠮᠠᠰ ᠴᠢᠯᠠᠭᠤᠨ ᠨᠢᠮᠭᠡᠨ ᠪᠦᠷᠬᠦᠭᠦᠯ ᠤᠨ ᠪᠦᠲᠦᠭᠡᠭᠳᠡᠬᠦᠨ ᠨᠢ ᠾᠧᠨᠠᠨ ᠮᠤᠵᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠴᠢᠳᠠᠪᠤᠷᠢᠲᠠᠨ ᠤ ᠳᠠᠪᠠᠭᠤᠯᠢᠭ ᠲᠤ ᠲᠦᠰᠢᠭᠯᠡᠨ᠂ ᠬᠤᠰᠢᠭᠤᠷᠠᠯ ᠦᠢᠯᠡᠳᠬᠦ ᠮᠡᠷᠭᠡᠵᠢᠯ ᠢ ᠬᠡᠷᠡᠭᠯᠡᠵᠦ᠂ ᠶᠡᠭᠡ ᠬᠡᠮᠵᠢᠶᠡᠨ ᠤ | ᠠᠯᠮᠠᠰ ᠴᠢᠯᠠᠭᠤᠨ ᠤ ᠲᠠᠯᠠᠰᠲᠤ ᠲᠣᠭᠤᠷᠢᠭ ᠰᠤᠳᠤᠯᠤᠨ ᠨᠡᠭᠡᠭᠡᠬᠦ ᠵᠢᠴᠢ ᠦᠢᠯᠡᠳᠪᠦᠷᠢᠯᠡᠬᠦ ᠲᠠᠯ᠎ᠠ ᠪᠠᠷ ᠢᠯᠡᠳᠲᠡ ᠦᠷ᠎ᠡ ᠪᠦᠲᠦᠭᠡᠯ ᠣᠯᠪᠠ᠃ | ᠲᠣᠰ ᠤᠳᠠᠭ᠎ᠠ ᠭᠡᠷ᠎ᠡ ᠲᠣᠭᠲᠠᠭᠰᠠᠨ ᠠᠯᠮᠠᠰ ᠴᠢᠯᠠᠭᠤ ᠢᠯᠴᠢ ᠶᠢᠨ ᠬᠠᠮᠢᠶᠠᠷᠤᠯᠲᠠ ᠶᠢᠨ ᠮᠠᠲ᠋ᠧᠷᠢᠶᠠᠯ ᠤᠨ ᠠᠵᠤ ᠦᠶᠢᠯᠡᠰᠵᠢᠯᠲᠡ ᠶᠢᠨ ᠲᠥᠷᠥᠯ | ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1.2 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | 1 ᠳ᠋ᠦᠩᠰᠢᠭᠤᠷ ᠲᠥᠭᠦᠷᠢᠭ ᠲᠤ ᠬᠦᠷᠦᠨ᠎ᠡ᠃ ᠲᠥᠷᠥᠯ ᠵᠦᠢᠯ ᠪᠦᠬᠦᠨ ᠢᠶᠠᠷ ᠢᠶᠠᠨ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ | ᠦᠢᠯᠡᠳᠬᠦᠨ ᠤ ᠥᠷᠲᠡᠭ ᠢ 1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤ ᠪᠠᠷᠤᠭ 700 ᠲᠦᠮᠡᠨ ᠲᠥᠭᠦᠷᠢᠭ ᠭᠠᠶᠢᠯᠢ ᠲᠤᠰᠢᠶᠠᠵᠤ᠂ ᠲᠤᠬᠠᠶ ᠶᠢᠨ | ᠭᠠᠵᠠᠷ ᠤᠨ ᠪᠠᠷᠤᠭ 40 ᠬᠥᠮᠦᠨ ᠳᠤ ᠠᠵᠢᠯ ᠣᠯᠭᠤᠬᠤ ᠶᠢ ᠳᠠᠶᠢᠴᠢᠯᠠᠬᠤ ᠪᠣᠯᠤᠨ᠎ᠠ᠃ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ᠂ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠠᠵᠤ ᠦᠢᠯᠡᠰ ᠤᠨ | ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠪᠣᠯᠣᠨ᠎ᠠ᠃ | ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠠᠵᠤ ᠠᠬᠤᠶᠢᠯᠠᠯ ᠳᠤ ᠪᠦᠬᠦ ᠬᠦᠴᠦᠨ ᠢᠶᠠᠷ ᠢᠶᠠᠨ ᠰᠢᠯᠢᠳᠡᠭ ᠦᠢᠯᠡᠴᠢᠯᠡᠭᠡ ᠪᠠ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ | ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ | ᠡᠷᠲᠡ ᠠᠵᠢᠯ ᠡᠬᠢᠯᠡᠭᠦᠯᠬᠦ᠂ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭ ᠬᠦᠷᠳᠡᠬᠦ ᠶᠢ ᠪᠠᠲᠤᠯᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠪᠦᠬᠦ ᠬᠤᠳᠠ ᠶᠢᠨ ᠠᠵᠤ ᠦᠢᠯᠡᠰ ᠤᠨ ᠲᠡᠰ ᠳᠡᠪᠰᠢᠬᠦ ᠪᠠ ᠣᠷᠣᠨ ᠪᠦᠰᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠤᠯᠤᠨ᠎ᠠ᠃ |