2024 ᠣᠨ ᠳᠤ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠦᠢᠯᠡᠳᠬᠦᠨ ᠤ ᠶᠡᠷᠦᠩᠬᠡᠢ ᠥᠷᠲᠡᠭ 103 ᠳ᠋ᠦᠩᠰᠢᠭᠤᠷ | ᠲᠥᠭᠦᠷᠢᠭ ᠲᠤ ᠬᠦᠷᠴᠦ᠂ 2023 ᠣᠨ ᠤ ᠦᠢᠯᠡᠳᠬᠦᠨ ᠤ ᠥᠷᠲᠡᠭ ︵85 ᠳ᠋ᠦᠩᠰᠢᠭᠤᠷ ᠲᠥᠭᠦᠷᠢᠭ︶ ᠠᠴᠠ 21.2% ᠢᠶᠠᠷ ᠨᠡᠮᠡᠭᠳᠡᠪᠡ᠃ ᠭᠦᠭᠡᠬᠤᠲᠠ | ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ | ᠵᠦᠢᠯ ᠤᠨ ᠳᠡᠮᠵᠢᠯᠭᠡ ᠶᠢ ᠤᠯᠠᠮ ᠴᠢᠷᠮᠠᠶᠢᠨ ᠣᠯᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠶ ᠰᠢᠭᠤᠢ ᠪᠠ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ | ᠪᠦᠲᠦᠮᠵᠢ ᠣᠯᠪᠠ᠃ | ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ | ᠡᠪᠡᠰᠦᠨ ᠤ ᠠᠵᠤ ᠦᠢᠯᠡᠰ ᠤᠨ ᠬᠡᠯᠬᠢᠶ᠎ᠡ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠥᠪᠡᠷᠮᠢᠴᠡ ᠣᠨᠴᠠᠯᠢᠭᠲᠤ ᠣᠶ ᠵᠢᠮᠢᠰ ᠤᠨ ᠠᠵᠤ | ᠦᠢᠯᠡᠰ ᠤᠨ ᠬᠡᠯᠬᠢᠶ᠎ᠡ᠂ ᠨᠠᠶᠢᠯᠵᠠᠭᠤᠷ ᠬᠠᠷᠭᠠᠨ᠎ᠠ ᠶᠢᠨ ᠠᠵᠤ ᠦᠢᠯᠡᠰ ᠤᠨ ᠬᠡᠯᠬᠢᠶ᠎ᠡ ᠵᠡᠷᠭᠡ ᠳᠥᠷᠪᠡᠨ ᠵᠦᠢᠯ ᠤᠨ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠤᠨ᠂ ᠴᠡᠴᠡᠭ ᠡᠪᠡᠰᠦᠨ ᠤ ᠠᠵᠤ ᠦᠢᠯᠡᠰ᠂ ᠣᠶ ᠶᠢᠨ ᠳᠣᠣᠷᠠᠬᠢ ᠲᠡᠵᠢᠭᠡᠨ ᠦᠷᠡᠵᠢᠭᠦᠯᠬᠦ ᠠᠵᠤ ᠦᠢᠯᠡᠰ᠂ ᠮᠣᠳᠣᠯᠢᠭ ᠠᠮᠤ ᠲᠣᠰᠣ ᠶᠢᠨ ᠠᠵᠤ | ᠦᠢᠯᠡᠰ ᠵᠡᠷᠭᠡ ᠭᠤᠷᠪᠠᠨ ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ᠂ ᠨᠥᠭᠡᠴᠡ ᠣᠶ ᠰᠢᠭᠤᠢ ᠵᠡᠷᠭᠡ | ᠬᠤᠶᠠᠷ ᠲᠠᠯᠳᠠ ᠬᠦᠴᠦᠨ ᠲᠠᠢ ᠠᠵᠤ ᠦᠢᠯᠡᠰ ᠢ ᠬᠠᠶᠢᠨ ᠰᠦᠪᠡᠭᠴᠢᠯᠡᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠵᠢᠭᠤᠯᠴᠢᠯᠠᠯ ᠤᠨ ᠳᠠᠪᠠᠭᠤᠯᠢᠭᠲᠤ | ᠠᠵᠤ ᠦᠢᠯᠡᠰ ᠢ ᠴᠤᠬᠴᠠᠯᠠᠪᠠ᠃ 2021 ᠣᠨ ᠠᠴᠠ ᠨᠠᠭᠠᠰᠢ᠂ ᠭᠦᠭᠡᠬᠤᠲᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ | ᠦᠢᠯᠡᠰᠵᠢᠯᠲᠡ᠂ ᠡᠪᠡᠰᠦᠨ ᠦᠷ᠎ᠡ ᠪᠣᠶᠢᠵᠢᠭᠤᠯᠬᠤ ᠰᠠᠭᠤᠷᠢᠨ ᠵᠡᠷᠭᠡ 16 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 3610 ᠲᠦᠮᠡᠨ ᠲᠥᠭᠦᠷᠢᠭ ᠤᠨ | ᠪᠡᠯᠡ ᠮᠥᠩᠭᠦ ᠪᠠᠭᠤᠯᠭᠠᠪᠠ᠃ 2024 ᠣᠨ ᠠᠴᠠ ᠨᠠᠭᠠᠰᠢ᠂ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠮᠧᠩ ᠼᠤᠤ᠂ ᠢᠦᠢ | ᠬᠠᠩ ᠷᠧᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ ᠴᠢᠴᠠᠷᠭᠠᠨ᠎ᠠ᠂ ᠡᠪᠡᠰᠦᠨ ᠦᠷ᠎ᠡ᠂ ᠬᠤᠨᠴᠢᠷ ᠵᠡᠷᠭᠡ ᠵᠢᠱᠢᠶ᠎ᠡ | ᠦᠵᠡᠭᠦᠯᠭᠦ ᠰᠠᠭᠤᠷᠢᠨ ᠢ ᠪᠠᠶᠢᠭᠤᠯᠤᠨ᠂ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ ᠶᠢᠨ ᠪᠠᠶᠢᠴᠠᠭᠠᠯᠲᠠ ᠶᠢᠨ ᠬᠢᠨᠠᠨ ᠬᠡᠮᠵᠢᠯᠲᠡ ᠵᠢᠴᠢ ᠲᠣᠭᠠᠴᠢᠯᠠᠭᠰᠠᠨ | ᠬᠠᠮᠢᠶᠠᠷᠤᠯᠲᠠ ᠵᠡᠷᠭᠡ 9 ᠭᠦᠭᠡᠬᠤᠲᠠ ᠶᠢᠨ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ | | ᠣᠳᠣᠬᠠᠨ ᠳᠤ᠂ ᠪᠦᠭᠦ ᠬᠤᠲᠠ ᠳᠤ ᠨᠡᠶᠢᠲᠡ 306 ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠶᠢᠯᠠᠯ᠂ 6 ᠤᠯᠤᠰ ᠪᠠ ᠥᠪᠡᠷᠲᠡᠭᠡᠨ | ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ᠂ 52 ᠬᠤᠷᠰᠢᠶ᠎ᠠ ᠲᠠᠢ᠃ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ | ᠦᠢᠯᠡᠰ ᠤᠨ ᠰᠠᠭᠤᠷᠢᠨ ᠢ 4 ᠪᠠᠶᠢᠭᠤᠯᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠨᠠᠷᠠᠲᠤ ᠲᠡᠮᠳᠡᠭᠲᠦ ᠶᠢ 12 ᠪᠣᠶᠢᠵᠢᠭᠤᠯᠤᠨ᠂ ᠠᠵᠤ | ᠠᠬᠤᠢ ᠶᠢᠨ ᠣᠶ ᠶᠢᠨ ᠲᠠᠯᠠᠪᠠᠶ 86.2 ᠲᠦᠮᠡᠨ ᠮᠦ᠂ ᠣᠶ ᠰᠢᠭᠤᠢ ᠵᠢᠮᠢᠰ ᠤᠨ ᠤᠨᠠᠯᠲᠠ 5800 ᠲᠦᠮᠡᠨ ᠺᠢᠯᠣᠭ᠍ᠷᠠᠮ ᠭᠦᠷᠪᠡ᠃ | |