ᠪᠥᠬᠦ ᠰᠦᠯᠵᠢᠶᠡᠨ ᠳᠠᠬᠢ ᠮᠡᠳᠡᠭᠡ ᠵᠠᠩᠭᠢ ᠶᠢᠨ ᠬᠡᠮᠵᠢᠶ᠎ᠡ 46703 ᠵᠤᠷᠪᠤᠰ ᠪᠠᠶᠢᠵᠤ ᠂ ᠰᠣᠯᠢᠯᠴᠠᠵᠤ ᠬᠥᠳᠡᠯᠦᠯᠴᠡᠭᠰᠡᠨ ᠬᠡᠮᠵᠢᠶ᠎ᠡ 1952.36 | ᠲᠦᠮᠡ᠂ ᠳᠠᠮᠵᠢᠭᠳᠠᠨ ᠤᠩᠰᠢᠭᠰᠠᠨ ᠬᠡᠮᠵᠢᠶ᠎ᠡ 2154.32 ᠲᠦᠮᠡᠨ ᠬᠥᠮᠥᠨ ᠤᠳᠠᠭ᠎ᠠ᠂ ᠰᠣᠨᠢᠷᠬᠠᠵᠤ ᠦᠵᠡᠭᠰᠡᠨ ᠬᠡᠮᠵᠢᠶ᠎ᠡ 2458.25 ᠲᠦᠮᠡᠨ ᠬᠥᠮᠥᠨ | ᠤᠳᠠᠭ᠎ᠠ ᠳᠤ ᠬᠦᠷᠴᠡᠢ᠃ ᠣᠳᠣᠬᠠᠨ ᠪᠣᠯᠲᠠᠯ᠎ᠠ᠂ ︽ᠬᠥᠬᠡᠬᠤᠲᠠ ᠶᠢᠨ ᠴᠠᠭᠠᠨ ᠰᠠᠷ᠎ᠠ︾ ᠬᠡᠮᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠰᠢᠯᠵᠢᠭᠦᠯᠦᠨ | ᠨᠡᠶᠢᠲᠡᠯᠡᠬᠦ ᠳᠤ ᠣᠷᠣᠯᠴᠠᠭᠰᠠᠨ ᠵᠠᠭᠤᠴᠢᠯᠠᠭᠤᠷ ᠤᠳ ᠤᠨ ᠲᠠᠪᠴᠠᠩ ᠨᠡᠶᠢᠲᠡ 11790 ᠡᠷᠦᠬᠡ ᠳᠤ ᠬᠦᠷᠴᠡᠢ ᠃ ᠡᠭᠦᠨ ᠳᠤ᠂ ᠰᠢᠨᠬᠤᠸᠠ ᠰᠦᠯᠵᠢᠶ᠎ᠡ᠂ | ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠡ ᠵᠡᠷᠭᠡ ᠲᠥᠪ ᠤᠨ ᠵᠠᠭᠤᠴᠢᠯᠠᠭᠤᠷ ᠤᠳ ᠬᠠᠮᠢᠶ᠎ᠠ ᠪᠦᠬᠦᠢ ᠠᠭᠤᠯᠭ᠎ᠠ ᠶᠢ ᠨᠡᠶᠢᠲᠡ 2142 ᠵᠤᠷᠪᠤᠰ | ᠨᠡᠶᠢᠲᠡᠯᠡᠭᠰᠡᠨ ᠪᠥᠭᠡᠳ CCTV13 ᠰᠣᠨᠢᠨ ᠮᠡᠳᠡᠭᠡᠨ ᠤ ᠰᠤᠪᠠᠭ ᠤᠨ ᠮᠡᠳᠡᠭᠡᠯᠡᠯ᠂ ᠰᠢᠨᠬᠤᠸᠠ ᠬᠤᠷᠢᠶᠠᠨ ᠤ ᠡᠳᠦᠷ ᠪᠦᠷᠢ ᠶᠢᠨ ᠴᠠᠬᠢᠯᠭᠠᠨ ᠮᠡᠳᠡᠭᠡᠨ ᠤ | ᠲᠦᠷᠦᠭᠦᠸ ᠨᠢᠭᠤᠷ ᠲᠤ ᠨᠡᠶᠢᠲᠡᠯᠡᠭᠳᠡᠪᠡ ︔ ᠥᠪᠥᠷ ᠮᠣᠩᠭᠤᠯ ᠤᠨ ᠡᠳᠦᠷ ᠤᠨ ᠰᠣᠨᠢᠨ᠂ ᠳᠡᠭᠦᠯᠢᠯᠲᠡ ᠬᠠᠮ ᠵᠠᠭᠤᠴᠢᠯᠠᠭᠤᠷ ᠵᠡᠷᠭᠡ ᠮᠤᠵᠢ ᠶᠢᠨ ᠳᠡᠰ ᠤᠨ | ᠵᠠᠭᠤᠴᠢᠯᠠᠭᠤᠷ ᠤᠨ ᠬᠢᠨ ᠨᠡᠶᠢᠲᠡ 2697 ᠬᠤᠪᠢ ᠮᠡᠳᠡᠭᠡᠯᠡᠯ ᠨᠡᠶᠢᠲᠡᠯᠡᠪᠡ︔ ᠰᠧᠦ ᠬᠤ᠋ ᠰᠦᠯᠵᠢᠶᠡᠨ ᠤ ᠬᠤᠲᠠ ᠶᠢᠨ ᠠᠭᠤᠯᠭ᠎ᠠ ᠪᠦᠬᠦᠢ ᠥᠪᠥᠷ ᠮᠣᠩᠭᠤᠯ᠂ | ᠬᠥᠬᠡᠬᠤᠲᠠ ᠶᠢᠨ ᠠᠵᠢᠭᠯᠠᠯᠲᠠ ᠵᠡᠷᠭᠡ ᠬᠤᠳᠠᠯᠳᠤᠭᠠᠨ ᠤ ᠵᠠᠭᠤᠴᠢᠯᠠᠭᠤᠷ ᠤᠨ ᠬᠢᠨ ᠨᠡᠶᠢᠲᠡ 1369 ᠬᠤᠪᠢ ᠮᠡᠳᠡᠭᠡᠯᠡᠯ ᠨᠡᠶᠢᠲᠡᠯᠡᠪᠡ︔ ᠴᠢᠩ ᠴᠧᠩ ᠬᠠᠮ | ᠵᠠᠭᠤᠴᠢᠯᠠᠭᠤᠷ ᠵᠡᠷᠭᠡ ᠬᠤᠳᠠ ᠶᠢᠨ ᠲᠡᠰ ᠤᠨ ᠵᠠᠭᠤᠴᠢᠯᠠᠭᠤᠷ ᠤᠨ ᠲᠠᠪᠴᠠᠩ ᠤᠨ ᠴᠠᠭᠠᠨ ᠰᠠᠷ᠎ᠠ ᠶᠢᠨ ᠭᠤᠣᠯ ᠰᠡᠳᠦᠪᠲᠦ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ ᠶᠢ ᠰᠣᠨᠢᠷᠬᠠᠵᠤ ᠦᠵᠡᠭᠰᠡᠨ ᠬᠡᠮᠵᠢᠶ᠎ᠡ 217 ᠲᠦᠮᠡᠨ ᠬᠥᠮᠥᠨ ᠤᠳᠠᠭ᠎ᠠ ᠶᠢ ᠳᠠᠪᠠᠵᠠᠢ ᠃ ︵ ᠬᠥᠬᠡᠬᠤᠲᠠ ᠶᠢᠨ | ᠵᠠᠰᠠᠭ ᠤᠨ ᠣᠷᠳᠣᠨ ︶ | | |