ᠬᠥᠬᠡᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ‌‍ᠰᠠᠶᠢᠨ ᠡᠬᠢᠯᠡᠯᠲᠡ ᠲᠠᠢ ᠪᠤᠯᠵᠠᠢ
ᠨᠡᠶᠢᠲᠡᠯᠡᠭᠰᠡᠨ ᠴᠠᠭ᠄
2025/2/10
      ︵ᠰᠤᠷᠪᠤᠯᠵᠢᠯᠠᠭᠴᠢ ᠶᠦᠨ ᠶᠠᠨ ᠹᠠᠩ︶ 2 ᠳ᠋ᠤᠭᠠᠷ ᠰᠠᠷ᠎ᠠ ᠶᠢᠨ 5 ᠤ ᠡᠳᠦᠷ ᠤᠨ 17 ᠴᠠᠭ 06 ᠮᠢᠨᠦ᠋ᠲ ᠲᠤ᠂ ᠨᠢᠭᠡ ᠴᠣᠪᠤᠭ᠎ᠠ 55 ᠸᠠᠭᠤᠨ ᠪᠦᠬᠦᠢ᠂ ᠶᠡᠷᠦᠩᠬᠡᠶ ᠪᠠᠷᠠᠭᠠᠨ ᠤ ᠥᠷᠲᠡᠭ ᠨᠢ 1694 ᠲᠦᠮᠡᠨ ᠲᠥᠭᠦᠷᠢᠭ ᠤᠨ ᠨᠡᠷᠡᠨ ᠬᠤᠸᠠᠷ ᠤᠨ ᠦᠷ᠎ᠡ ᠳᠦᠭᠦᠷᠡᠩ ᠠᠴᠢᠭᠰᠠᠨ 75059 ᠤᠳᠠᠭᠠᠨ ᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠢ ᠬᠥᠬᠡᠬᠤᠲᠠ ᠶᠢᠨ ᠲᠠᠶᠢᠭ᠎ᠠ ᠮᠣᠳᠣ ᠲᠡᠮᠦᠷ ᠵᠠᠮ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠠᠴᠠ ᠡᠬᠢᠯᠡᠵᠦ ᠬᠦᠳᠡᠯᠦᠨ᠂   ᠠᠯᠠᠭ ᠠᠭᠤᠯᠠᠨ ᠠᠮᠠ ᠲᠡᠮᠦᠷ ᠵᠠᠮ ᠤᠨ ᠪᠣᠭᠤᠮᠲᠠ ᠪᠠᠷ ᠥᠩᠭᠡᠷᠡᠨ ᠬᠢᠯᠢ ᠠᠴᠠ ᠭᠠᠷᠴᠤ᠂ ᠧᠦ᠋ᠷᠣᠫᠠ ᠳᠤ ᠬᠦᠷᠭᠡᠨ᠎ᠡ᠂ ᠪᠦᠬᠦ ᠠᠶᠠᠯᠠᠯ ᠤᠨ ᠴᠠᠭ ᠨᠢ ᠪᠠᠷᠤᠭ 16 ᠡᠳᠦᠷ ᠪᠣᠯᠤᠨ᠎ᠠ᠃ ᠡᠨᠡ ᠪᠣᠯ ᠬᠥᠬᠡᠬᠤᠲᠠ ᠶᠢᠨ ᠪᠢᠯᠢᠭ ᠤᠨ ᠤᠯᠠᠷᠢᠯ ᠤᠨ ᠮᠤᠭᠠᠢ ᠵᠢᠯ ᠤᠨ ᠠᠩᠬᠠᠳᠠᠭᠴᠢ ᠡᠭᠡᠯᠵᠢ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠪᠣᠯᠤᠨ᠎ᠠ᠃      ᠣᠶᠢᠯᠠᠭᠠᠭᠰᠠᠨ ᠢᠶᠠᠷ᠂ ᠡᠨᠡ ᠵᠢᠯ ᠤᠨ ᠴᠠᠭᠠᠨ ᠰᠠᠷ᠎ᠠ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠺᠣᠮᠫᠠᠨᠢ ᠶᠢᠨ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ︽ᠵᠣᠭᠰᠣᠯ ᠦᠭᠡᠢ︾ ᠠᠶᠠᠯᠠᠵᠤ᠂ ᠪᠠᠷᠠᠭ᠎ᠠ ᠬᠦᠷᠭᠡᠬᠦ᠂ ᠠᠴᠢᠶᠠᠯᠠᠵᠤ ᠲᠡᠭᠡᠭᠡᠪᠦᠷᠢᠯᠡᠬᠦ᠂ ᠪᠠᠭᠤᠯᠭᠠᠬᠤ ᠵᠡᠷᠭᠡ ᠠᠵᠢᠯᠯᠠᠭ᠎ᠠ ᠴᠦᠮ ᠬᠡᠪ ᠤᠨ ᠶᠣᠰᠣᠭᠠᠷ ᠶᠠᠪᠤᠭᠳᠠᠪᠠ᠃ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠶ ᠪᠠᠶᠢᠷᠢᠯᠠᠭᠤᠯᠵᠤ ᠪᠡᠯᠡᠳᠬᠡᠨ᠂ ᠪᠠᠷᠠᠭ᠎ᠠ ᠶᠢᠨ ᠠᠮᠤᠷ ᠲᠦᠪᠰᠢᠨ ᠠᠶᠤᠯᠭᠦᠢ ᠶᠢ ᠪᠠᠶᠢᠴᠠᠭᠠᠬᠤ ᠡᠯ᠎ᠡ ᠵᠦᠢᠯ ᠤᠨ ᠲᠦᠷᠢᠮ ᠢ ᠴᠢᠩᠭ᠎ᠠ ᠬᠡᠷᠡᠭᠵᠢᠭᠦᠯᠦᠨ᠂ ᠭᠠᠯᠲᠤ ᠲᠡᠷᠭᠡ ᠶᠠᠪᠤᠭᠤᠯᠬᠤ ᠲᠥᠰᠦᠯ ᠢ ᠤᠷᠢᠳᠴᠢᠯᠠᠨ ᠲᠣᠭᠲᠠᠭᠠᠵᠤ᠂ ᠪᠣᠭᠤᠮᠲᠠ ᠶᠢᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠰᠠᠭᠠᠳ ᠥᠬᠡᠶ ᠨᠡᠪᠲᠡᠷᠡᠬᠦ ᠵᠠᠮ ᠢ ᠬᠠᠮᠲᠤ ᠪᠠᠷ ᠨᠡᠭᠡᠭᠡᠵᠦ᠂ ᠤᠷᠢᠳᠠᠪᠠᠷ ᠠᠴᠢᠶᠠᠯᠠᠵᠤ ᠪᠠᠭᠤᠯᠭᠠᠬᠤ᠂ ᠤᠷᠢᠳᠠᠪᠠᠷ ᠲᠡᠷᠭᠡ ᠲᠣᠬᠢᠷᠠᠭᠤᠯᠬᠤ᠂ ᠤᠷᠢᠳᠠᠪᠠᠷ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠤᠷᠤᠭᠰᠢᠲᠠᠶ ᠠᠶᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃      2024 ᠣᠨ ᠳᠤ᠂ ᠬᠥᠬᠡᠬᠤᠲᠠ ᠶᠢᠨ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ︽ᠨᠢᠭᠡ ᠪᠦᠰᠡ ᠨᠢᠭᠡ ᠵᠠᠮ︾ ︽RCEP︾ ᠶᠢᠨ ᠭᠦᠨᠵᠡᠭᠡᠢ ᠠᠬᠢᠭᠤᠯᠤᠯ ᠳᠣᠣᠷ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠦᠢᠯᠡᠳᠦᠯ ᠲᠤᠪᠤᠶᠢᠮ᠎ᠠ ᠪᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠶᠢᠳᠠᠯ ᠢ ᠠᠰᠢᠭᠯᠠᠨ ᠬᠥᠭᠵᠢᠵᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠰᠢᠨ᠎ᠡ ᠨᠡᠮᠡᠭᠳᠡᠯ ᠤᠨ ᠠᠵᠠ ᠲᠣᠬᠢᠶᠠᠯ ᠢ ᠤᠭᠲᠤᠨ ᠠᠪᠴᠢᠷᠠᠵᠤ᠂ ᠪᠦᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 226.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠪᠡ᠃ ᠡᠭᠦᠨ ᠳᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠥᠪᠯᠡᠷᠡᠨ ᠨᠡᠪᠲᠡᠷᠡᠬᠦ ᠨᠢ ᠴᠢᠬᠤᠯᠠ ᠦᠢᠯᠡᠳᠦᠯ ᠦᠵᠡᠭᠦᠯᠪᠡ᠃ 2024 ᠣᠨ ᠳᠤ᠂ ᠮᠠᠨ ᠤ ᠬᠤᠲᠠ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ 120 ᠴᠤᠪᠤᠭ᠎ᠠ ᠠᠴᠠ ᠳᠡᠭᠡᠭᠰᠢ ᠨᠡᠪᠲᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 140% ᠢᠶᠠᠷ ᠨᠡᠮᠡᠭᠳᠡᠵᠦ᠂ ᠵᠢᠰᠢᠶᠠᠨ ᠤ ᠭᠠᠯᠲᠤ ᠲᠡᠷᠭᠡ ᠡᠬᠢᠯᠡᠵᠦ ᠶᠠᠪᠤᠭᠤᠯᠤᠭᠰᠠᠨ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠪᠠᠶᠢᠷᠢᠨ ᠳᠤ ᠣᠷᠣᠪᠠ᠃ 2025 ᠣᠨ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠦᠢᠰᠦ ᠲᠥᠪ ᠢ ᠦᠷᠭᠦᠯᠵᠢᠯᠡᠨ ᠲᠦᠷᠭᠡᠳᠬᠡᠨ ᠪᠠᠶᠢᠭᠤᠯᠵᠤ᠂ JSQ ᠵᠢᠰᠢᠶᠠᠨ ᠤ ᠭᠠᠯᠲᠤ ᠲᠡᠷᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 150 ᠴᠤᠪᠤᠭ᠎ᠠ ᠠᠴᠠ ᠳᠡᠭᠡᠭᠰᠢ ᠨᠡᠪᠲᠡᠷᠡᠭᠦᠯᠬᠦ ᠪᠠᠷ ᠲᠥᠯᠥᠪᠯᠡᠵᠦ ᠪᠤᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ