ᠣᠶᠤᠲᠠᠳ ᠤᠨ ᠬᠦᠴᠦᠨ ᠢ ᠳᠠᠶᠢᠴᠢᠯᠠᠵᠦ ᠥᠪᠥᠷ ᠮᠣᠩᠭᠤᠯ ᠤᠨ ᠰᠣᠶᠣᠯ ᠵᠢᠭᠤᠯᠴᠢᠯᠠᠯ ᠢ ᠲᠦᠭᠡᠭᠡᠨ ᠳᠡᠯᠭᠡᠷᠡᠭᠦᠯᠦᠨ᠎ᠡ᠃ ᠣᠷᠴᠢᠮᠬᠠᠨ ᠪᠦᠭᠦ ᠤᠯᠤᠰ | ᠤᠨ ᠵᠠᠭᠤᠨ ᠣᠶᠤᠲᠠᠨ ᠤ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠠᠮᠵᠢᠯᠲᠠ ᠲᠠᠢ | ᠶᠠᠪᠤᠭᠳᠠᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠢ ᠪᠦᠭᠦ ᠤᠯᠤᠰ ᠲᠤ ᠲᠦᠭᠡᠭᠡᠨ ᠳᠡᠯᠭᠡᠷᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ 6 ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ | ᠮᠥᠴᠢᠷ ᠲᠠᠢ ᠬᠠᠮᠲᠤᠷᠠᠨ ᠡᠷᠭᠢᠯᠡᠭᠰᠠᠨ ᠲᠤᠰ ᠠᠵᠢᠯᠯᠠᠭ᠎ᠠ ᠳᠤ ᠪᠦᠭᠦ ᠤᠯᠤᠰ ᠤᠨ 26 ᠮᠤᠵᠢ ᠣᠷᠣᠨ ᠤ 82 ᠶᠡᠭᠡ ᠳᠡᠭᠡᠳᠦ ᠰᠤᠷᠭᠠᠭᠤᠯᠢ ᠶᠢᠨ ᠣᠶᠤᠲᠠᠨ | ᠤ ᠲᠥᠯᠥᠭᠡᠯᠡᠭᠴᠢᠳ ᠲᠣᠰ ᠲᠣᠰ ᠭᠦᠭᠡᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠤᠯᠠᠭᠠᠨᠬᠠᠳᠠ ᠬᠤᠲᠠ᠂ ᠷᠠᠰᠢᠶᠠᠨ ᠬᠤᠲᠠ ᠪᠠ ᠰᠢᠯᠢ ᠶᠢᠨ | ᠭᠤᠣᠯ ᠠᠶᠢᠮᠠᠭ ᠵᠡᠷᠭᠡ 6 ᠠᠶᠢᠮᠠᠭ ᠬᠤᠲᠠ ᠳᠤ ᠬᠦᠷᠴᠦ᠂ 4 ᠡᠳᠦᠷ ᠤᠨ ᠬᠤᠭᠤᠴᠠᠭ᠎ᠠ ᠲᠠᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠳᠤ | ᠣᠷᠣᠯᠴᠠᠪᠠ᠃ ᠣᠶᠤᠲᠠᠳ 6 ᠠᠶᠢᠮᠠᠭ ᠬᠤᠲᠠ ᠶᠢᠨ ᠮᠥᠰᠥ ᠴᠠᠰᠤᠨ ᠤ ᠵᠢᠭᠤᠯᠴᠢᠯᠠᠯ ᠤᠨ ᠲᠠᠯᠠᠪᠠᠢ᠂ ᠠᠷᠠᠳ ᠤᠨ ᠵᠠᠩ ᠦᠶᠯᠡ ᠶᠢᠨ ᠪᠣᠳᠠᠰ ᠤᠨ ᠪᠤᠰᠤ | ᠰᠣᠶᠣᠯ ᠤᠨ ᠥᠪ ᠢ ᠳᠡᠯᠭᠡᠨ ᠦᠵᠡᠭᠦᠯᠭᠦ ᠲᠠᠯᠠᠪᠠᠢ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠶᠣᠯ ᠤᠨ ᠦᠵᠡᠰᠭᠦᠯᠡᠩ ᠤᠨ ᠣᠷᠳᠣᠨ ᠵᠢᠴᠢ | ᠣᠨᠴᠠᠯᠢᠭᠲᠤ ᠠᠮᠲᠠᠲᠤ ᠢᠳᠡᠭᠡᠨ ᠢ ᠪᠡᠶᠡᠴᠢᠯᠡᠨ ᠣᠶᠢᠯᠠᠭᠠᠬᠤ ᠲᠠᠯᠠᠪᠤᠷ ᠢ ᠪᠠᠭᠲᠠᠭᠠᠭᠰᠠᠨ ᠣᠯᠠᠨ ᠡᠰᠢᠲᠦ ᠦᠵᠡᠮᠵᠢ ᠶᠢᠨ ᠣᠷᠣᠨ ᠢᠶᠠᠷ ᠠᠶᠠᠯᠠᠨ | ᠵᠢᠭᠤᠯᠴᠢᠯᠠᠵᠤ᠂ ᠥᠪᠥᠷ ᠮᠣᠩᠭᠤᠯ ᠤᠨ ᠲᠡᠦᠬᠡ ᠰᠣᠶᠣᠯ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠵᠠᠩᠰᠢᠯ ᠢ ᠭᠦᠨᠵᠡᠭᠡᠢ ᠣᠶᠢᠯᠠᠭᠠᠭᠰᠠᠨ ᠢᠶᠠᠷ | ᠪᠠᠷᠠᠬᠤ ᠦᠭᠡᠢ᠂ ᠪᠠᠰᠠ ᠡᠯᠪᠡᠭ ᠪᠠᠶᠠᠯᠢᠭ ᠮᠠᠲ᠋ᠧᠷᠢᠶᠠᠯ ᠴᠤᠭᠯᠠᠭᠤᠯᠵᠤ᠂ ᠣᠷᠳᠣ ᠬᠤᠭᠤᠴᠠᠭᠠᠨ ᠤ ᠥᠷᠭᠡᠨ ᠳᠡᠯᠭᠡᠷ ᠪᠥᠭᠡᠳ ᠭᠦᠨᠵᠡᠭᠡᠢ ᠤᠬᠠᠭᠤᠯᠤᠨ | ᠳᠡᠯᠭᠡᠷᠡᠭᠦᠯᠬᠦ ᠳᠤ ᠲᠥᠭᠦᠮ ᠪᠣᠯᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠢ ᠳᠡᠯᠭᠡᠷᠡᠭᠦᠯᠬᠦ ᠭᠦᠨᠴᠡ ᠪᠠ ᠥᠷᠭᠡᠴᠡ ᠶᠢ ᠳᠡᠭᠡᠭᠰᠢᠯᠡᠭᠦᠯᠪᠡ᠃ | ᠲᠤᠰ ᠤᠳᠠᠭᠠᠨ ᠤ ᠠᠵᠢᠯᠯᠠᠭ᠎ᠠ ᠳᠤ ᠰᠢᠯᠢᠳᠡᠭ ᠣᠶᠤᠲᠠᠳ ᠢ ᠡᠯᠰᠡᠨ ︽ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠳᠡᠯᠭᠡᠷᠡᠭᠦᠯᠦᠭᠴᠢ︾ | ᠪᠤᠯᠭᠠᠵᠤ᠂ ᠵᠠᠯᠠᠭᠤᠴᠤᠳ ᠤᠨ ᠬᠠᠷᠠᠭᠠᠰᠤ ᠠᠴᠠ ᠥᠪᠥᠷ ᠮᠣᠩᠭᠤᠯ ᠤᠨ ᠡᠯᠪᠡᠭ ᠪᠠᠶᠠᠯᠢᠭ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ | ᠤᠬᠠᠭᠤᠯᠤᠨ ᠳᠡᠯᠭᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠪᠦᠭᠦ ᠲᠠᠯ᠎ᠠ ᠪᠠᠷ ᠪᠠᠳᠠᠷᠠᠭᠤᠯᠤᠨ᠂ ︽ᠥᠪᠥᠷ ᠮᠣᠩᠭᠤᠯ︾ ᠤᠨ ᠲᠥᠷᠥᠯ ᠲᠡᠮᠳᠡᠭ ᠢ ᠪᠦᠭᠦ | ᠬᠦᠴᠦᠨ ᠢᠶᠠᠷ ᠢᠶᠠᠨ ᠡᠭᠦᠳᠴᠦ᠂ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠳᠤ ᠴᠣ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ | ᠬᠦᠴᠦᠨ ᠨᠡᠮᠡᠷᠢᠯᠡᠪᠡ᠃ ᠡᠲᠡᠭᠡᠷ ᠣᠶᠤᠲᠠᠨ ᠥᠪᠡᠷᠮᠢᠴᠡ ᠬᠠᠷᠠᠭᠠᠰᠤ ᠪᠠ ᠠᠷᠭ᠎ᠠ ᠭᠡᠯᠪᠡᠷᠢ ᠪᠠᠷ ᠥᠪᠥᠷ ᠮᠣᠩᠭᠤᠯ ᠤᠨ ᠲᠤᠬᠠᠢ ᠨᠠᠩ ᠣᠯᠠᠨ ᠥᠯᠢᠭᠡᠷ ᠢ | ᠠᠭᠤᠳᠠᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠤᠨ ᠷᠢᠳᠢ ᠰᠢᠳᠢ ᠶᠢ ᠢᠯᠡᠷᠡᠭᠦᠯᠬᠦ ᠶᠢᠨ ᠬᠠᠮᠲᠤ᠂ ᠨᠠᠩ ᠣᠯᠠᠨ ᠵᠢᠭᠤᠯᠴᠢᠯᠠᠬᠰᠠᠳ ᠢ | ᠲᠠᠲᠠᠵᠤ᠂ ᠥᠪᠥᠷ ᠮᠣᠩᠭᠤᠯ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠵᠡᠢ᠃ | |