ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ 2025 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/12
ᠼᠦᠢ ᠵᠧᠨ ᠡᠦ ᠶᠠᠷᠢᠶ᠎ᠠ ᠲᠠᠯᠪᠢᠪᠠ      ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠬᠤᠤ ᠰᠢᠤᠢ ᠵᠢᠶᠧ︶ 2 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ 2025 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠮᠡᠳᠡᠭᠡ ᠵᠠᠩᠭᠢ ᠪᠠᠶᠢᠴᠠᠭᠠᠨ ᠰᠤᠳᠤᠯᠬᠤ ᠭᠠᠵᠠᠷ ᠤᠨ ᠳᠠᠷᠤᠭ᠎ᠠ ᠼᠤᠤ ᠶᠦᠩ ᠫᠢᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ ᠰᠢᠶᠤᠤ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ 2024 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠳ᠋ᠦᠩᠨᠡᠬᠦ ᠶᠢᠨ ᠬᠠᠮᠲᠤ 2025 ᠣᠨ ᠤ ᠠᠵᠢᠯ ᠢ ᠲᠤᠬᠢᠷᠠᠭᠤᠯᠪᠠ᠃ ᠪᠦᠬᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ 2024 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠢᠷᠡᠭᠦᠯᠦᠭᠰᠡᠨ ᠪᠠ ᠬᠡᠷᠡᠭᠯᠡᠭᠰᠡᠨ ᠪᠠᠶᠢᠳᠠᠯ ᠢ ᠳ᠋ᠦᠩᠨᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ᠂ ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠬᠤᠲᠠ ᠶᠢᠨ ᠬᠤᠷᠢᠶ᠎ᠠ ᠵᠡᠷᠭᠡ ᠶᠢᠨ ᠲᠥᠯᠥᠭᠡᠯᠡᠭᠴᠢ ᠠᠵᠢᠯ ᠤᠨ ᠰᠣᠯᠢᠯᠴᠠᠭᠠᠨ ᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ ᠬᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠬᠤᠯᠠ ᠭᠠᠷᠳᠠᠴᠠ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠰᠬᠠᠢ ᠵᠥᠪᠯᠡᠯ᠂ ᠡᠯ᠎ᠡ ᠨᠠᠮ ᠪᠦᠯᠦᠭ ᠪᠦᠯᠬᠦᠮ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠰᠠᠶᠢᠨ ᠣᠷᠣᠯᠠᠨ ᠥᠭᠦᠯᠡᠭᠴᠢ ᠪᠣᠯᠬᠤ ᠬᠡᠷᠡᠭᠲᠡᠢ᠃ ᠶᠠᠰᠤ ᠴᠢᠨᠠᠷ ᠤᠨ ᠤᠬᠠᠮᠰᠠᠷ᠂ ᠰᠤᠷᠤᠯᠴᠠᠬᠤ ᠤᠬᠠᠮᠰᠠᠷ᠂ ᠲᠡᠷᠢᠭᠦᠨ ᠢ ᠲᠡᠮᠡᠴᠡᠬᠦ ᠤᠬᠠᠮᠰᠠᠷ ᠢᠶᠠᠨ ᠪᠠᠲᠤᠵᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠰᠠᠨᠠᠯ ᠵᠥᠪᠯᠡᠯᠭᠡ ᠰᠢᠭᠤᠳ ᠨᠡᠪᠲᠡᠷᠡᠬᠦ︾ ᠶᠢ ᠣᠷᠣᠨ ᠤ ᠲᠥᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠲᠠᠨᠢᠵᠤ ᠣᠶᠢᠯᠠᠭᠠᠬᠤ ︽ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ︾ ᠪᠣᠯᠭᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ