ᠴᠢᠳᠠᠪᠤᠷᠢᠲᠠᠨ ᠤ ᠬᠤᠲᠠ ᠶᠢᠨ ᠬᠥᠭᠵᠢᠯᠲᠡ ᠳᠤ ᠦᠵᠡᠭᠦᠯᠭᠦ ᠴᠢᠬᠤᠯᠠ ᠴᠢᠨᠠᠷ ᠡᠳᠦᠷ ᠢᠷᠡᠬᠦᠶ᠎ᠡ ᠢᠯᠡᠷᠬᠡᠢ ᠪᠣᠯᠵᠤ ᠪᠠᠶᠢᠨ᠎ᠠ᠂ ᠴᠢᠳᠠᠪᠤᠷᠢᠲᠠᠨ ᠢ ᠬᠡᠷᠬᠢᠨ | ᠤᠷᠢᠨ ᠠᠪᠴᠢᠷᠠᠬᠤ᠂ ᠴᠢᠳᠠᠪᠤᠷᠢᠲᠠᠨ ᠢ ᠬᠡᠷᠬᠢᠨ ᠦᠯᠡᠳᠡᠭᠡᠬᠦ ᠨᠢ ᠬᠤᠲᠠ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠠᠰᠠᠭᠤᠳᠠᠯ ᠪᠣᠯᠪᠠ᠃ ᠭᠦᠭᠡᠬᠤᠲᠠ | ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠷᠣᠨ ᠤ ᠲᠥᠪ ᠤᠨ ︽ᠵᠢᠷᠭᠤᠭᠠᠨ ᠶᠡᠭᠡ ᠠᠵᠤ | ᠦᠢᠯᠡᠰ ᠤᠨ ᠪᠦᠯᠦᠭᠵᠢᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ ᠴᠢᠳᠠᠪᠤᠷᠢᠲᠠᠨ ᠢ ᠬᠤᠷᠠᠨ ᠴᠤᠭᠯᠠᠷᠠᠭᠤᠯᠬᠤ ᠠᠷᠭ᠎ᠠ ᠵᠠᠮ ᠢ | ᠰᠢᠯᠤᠭᠤᠳᠬᠠᠵᠤ᠂ ᠭᠤᠣᠯᠳᠠᠯᠭ᠎ᠠ ᠲᠠᠢ ᠴᠢᠳᠠᠪᠤᠷᠢᠲᠠᠨ ᠤ ᠲᠥᠷᠥᠯ ᠵᠦᠢᠯ ᠢ ᠠᠬᠢᠭᠤᠯᠵᠤ᠂ ᠣᠷᠣᠨ ᠤ ᠲᠥᠪ ᠤᠨ ᠴᠢᠳᠠᠪᠤᠷᠢᠲᠠᠨ ᠤ ᠲᠥᠪᠯᠡᠷᠡᠯ ᠤᠨ ᠬᠡᠮᠵᠢᠶ᠎ᠡ᠂ | ᠬᠥᠭᠵᠢᠶᠡᠨᠲᠦ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ 2022 ᠣᠨ ᠠᠴᠠ ᠣᠲᠣ ᠪᠤᠯᠲᠠᠯ᠎ᠠ ᠭᠦᠭᠡᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 4561 ᠣᠶᠤᠲᠠᠨ ᠳᠤ ᠭᠡᠷ | ᠪᠠᠶᠢᠰᠢᠩ ᠲᠦᠷᠢᠶᠡᠰᠦᠯᠡᠬᠦ ᠨᠥᠬᠦᠪᠦᠷᠢ ᠮᠥᠩᠭᠦ ᠶᠢ 7913.12 ᠲᠦᠮᠡᠨ ᠲᠥᠭᠦᠷᠢᠭ ᠲᠠᠷᠬᠠᠭᠠᠵᠤ᠂ ᠭᠦᠭᠡᠬᠤᠲᠠ ᠶᠢᠨ ᠵᠠᠯᠠᠭᠤ ᠴᠢᠳᠠᠪᠤᠷᠢᠲᠠᠨ ᠤ ᠣᠷᠣᠨ | ᠰᠠᠭᠤᠴᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠭᠰᠠᠨ ᠤ ᠬᠠᠮᠲᠤ ᠨᠠᠩ ᠣᠯᠠᠨ ᠵᠠᠯᠠᠭᠤ ᠴᠢᠳᠠᠪᠤᠷᠢᠲᠠᠨ ᠢ ᠭᠦᠭᠡᠬᠤᠲᠠ ᠳᠤ ᠣᠷᠣᠭᠤᠯᠤᠨ | ᠠᠪᠴᠢᠷᠠᠵᠤ᠂ ᠭᠦᠭᠡᠬᠤᠲᠠ ᠳᠤ ᠦᠯᠡᠳᠡᠭᠡᠨ ᠠᠮᠤᠷ ᠲᠠᠶᠢᠪᠤᠩ ᠠᠵᠤ ᠲᠦᠷᠦᠭᠦ ᠪᠣᠯᠭᠠᠪᠠ᠃ ᠣᠶᠢᠯᠠᠭᠠᠭᠰᠠᠨ ᠢᠶᠠᠷ᠂ ︽ᠠᠷᠪᠠᠨ ᠲᠦᠮᠡᠨ ᠣᠶᠤᠲᠠᠳ ᠢ | ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠨᠢ ᠣᠳᠣᠬᠠᠨ ᠳᠤ ᠨᠡᠶᠢᠲᠡ 13.74 ᠲᠦᠮᠡᠨ ᠣᠶᠤᠲᠠᠳ ᠢ ᠣᠷᠣᠭᠤᠯᠤᠨ ᠠᠪᠴᠢᠷᠠᠵᠠᠢ᠃ | 2023 ᠣᠨ ᠤ 9 ᠰᠠᠷ᠎ᠠ ᠳᠤ ᠭᠦᠭᠡᠬᠤᠳᠠ ︽ᠴᠢᠳᠠᠪᠤᠷᠢᠲᠠᠨ ᠢ ᠤᠷᠢᠨ ᠠᠪᠴᠢᠷᠠᠬᠤ ᠲᠥᠷᠥ ᠶᠢᠨ ᠪᠣᠳᠣᠯᠭ᠎ᠠ 10 ᠵᠤᠷᠪᠤᠰ︾ ᠢ ᠳᠠᠷᠤᠮᠠᠯᠯᠠᠨ | ᠲᠠᠷᠬᠠᠭᠠᠪᠠ᠃ ᠣᠷᠣᠨ ᠤ ᠲᠥᠪ ᠤᠨ ᠴᠢᠳᠠᠪᠤᠷᠢᠲᠠᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ ᠭᠦᠭᠡᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠡᠨᠡᠬᠦ ᠰᠠᠭᠤᠷᠢᠨ ᠳᠡᠭᠡᠷ᠎ᠡ ᠳᠠᠭᠢᠨ ᠰᠢᠨ᠎ᠡ ᠶᠢ ᠡᠭᠦᠳᠴᠦ᠂ ᠳᠠᠭᠢᠨ ᠰᠢᠯᠢᠳᠡᠭᠵᠢᠭᠦᠯᠵᠦ᠂ ᠳᠠᠭᠢᠨ ᠳᠡᠭᠡᠭᠰᠢᠯᠡᠭᠦᠯᠵᠤ᠂ 2024 | ᠣᠨ ᠤ ᠰᠡᠭᠦᠯᠴᠢ ᠪᠠᠷ ︽ᠰᠢᠨ᠎ᠡ ᠴᠠᠭ ᠦᠶ᠎ᠡ ᠶᠢᠨ ᠣᠷᠣᠨ ᠤ ᠲᠥᠪ ᠤᠨ ᠴᠢᠳᠠᠪᠤᠷᠢᠲᠠᠨ ᠤ ᠠᠵᠢᠯ ᠢ ᠴᠢᠨᠠᠷ ᠰᠠᠶᠢᠲᠠᠢ ᠠᠬᠢᠭᠤᠯᠬᠤ ᠲᠤᠬᠠᠢ ᠰᠠᠨᠠᠯ︾ ᠢ | ᠵᠢᠩᠬᠢᠨᠢ ᠪᠠᠷ ᠨᠡᠶᠢᠲᠡᠯᠡᠪᠡ᠂ ᠳᠥᠭᠦᠮᠴᠢᠯᠡᠭᠡᠳ ︽ᠭᠦᠭᠡᠬᠤᠲᠠ ᠶᠢᠨ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠭᠡᠳᠡᠭ᠂ ᠲᠣᠰ | ᠲᠥᠷᠥ ᠶᠢᠨ ᠪᠣᠳᠣᠯᠭ᠎ᠠ ᠨᠢ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠴᠢᠳᠠᠪᠤᠷᠢᠲᠠᠨ ᠤ ᠳᠡᠰ ᠳᠠᠪᠬᠤᠷᠭ᠎ᠠ ᠶᠢ ᠳᠡᠭᠡᠭᠰᠢᠯᠡᠭᠦᠯᠭᠦ᠂ ᠠᠵᠤ ᠦᠢᠯᠡᠰ | ᠪᠠ ᠴᠢᠳᠠᠪᠤᠷᠢᠲᠠᠨ ᠤ ᠠᠭᠤᠰᠤᠯᠴᠠᠯ ᠢ ᠠᠬᠢᠭᠤᠯᠬᠤ᠂ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ᠂ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ 6 ᠲᠡᠰ ᠳᠠᠪᠬᠤᠷᠭ᠎ᠠ ᠠᠴᠠ ᠣᠷᠣᠨ ᠤ ᠲᠥᠪ ᠤᠨ ᠬᠥᠭᠵᠢᠯᠲᠡ ᠳᠤ ᠲᠠᠰᠤᠷᠠᠯᠲᠠ | ᠦᠭᠡᠢ ᠴᠢᠳᠠᠪᠤᠷᠢᠲᠠᠨ ᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ | | | |