| | | | 2 ᠳ᠋ᠤᠭᠠᠷ ᠰᠠᠷ᠎ᠠ ᠶᠢᠨ 12 ᠤ ᠡᠳᠦᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ︽ᠪᠠᠶᠠᠷ ᠬᠥᠷ ᠲᠠᠢ | ᠮᠥᠰᠥ ᠴᠠᠰᠤ · ᠢᠷᠡᠭᠡᠳᠦᠢ ᠶᠢ ᠬᠠᠮᠲᠤᠪᠠᠷ ᠴᠣᠭᠴᠠᠯᠠᠶ᠎ᠠ︾ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ | ᠤᠯᠠᠷᠢᠯ ᠵᠢᠴᠢ ᠬᠥᠬᠡᠬᠤᠲᠠ ᠶᠢᠨ ᠮᠥᠰᠥ ᠴᠠᠰᠤᠨ ᠤ ᠨᠠᠶᠢᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠢ ᠶᠢᠨ | ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠤᠷ᠎ᠠ ᠪᠠᠭ᠋ᠠᠲᠠᠳ᠂ ᠪᠠᠶᠢᠭᠤᠯᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠵᠡᠷᠭᠡ ᠬᠦᠮᠦᠰ ᠤᠷᠤᠯᠴᠠᠵᠤ᠂ ᠥᠯᠵᠡᠶᠢᠲᠦ ᠡᠳᠦᠷ ᠤᠨ | ᠪᠠᠶᠠᠷ ᠤᠨ ᠡᠳᠦᠷ ᠤᠨ ᠲᠠᠰᠢᠷᠠᠮ ᠢᠶᠠᠷ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠬᠠᠮᠲᠤ ᠪᠠᠷ ᠪᠡᠶᠡᠴᠢᠯᠡᠨ ᠣᠶᠢᠯᠠᠭᠠᠵᠤ᠂ ᠪᠠᠶᠠᠷ | ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠤᠨ ᠬᠠᠪᠤ ᠴᠡᠩᠭᠡᠯ ᠢ ᠡᠳ᠋ᠯᠡᠨ᠎ᠡ᠃ | ᠰᠤᠷᠪᠤᠯᠵᠢᠯᠠᠭᠴᠢ ᠮᠢᠶᠤᠤ ᠰᠢᠨ ᠰᠡᠭᠦᠲᠡᠷᠯᠡᠪᠡ |