2 ᠰᠠᠷ᠎ᠠ ᠶᠢᠨ 5 ᠤ ᠡᠳᠦᠷ ᠠᠴᠠ ᠡᠬᠢᠯᠡᠨ᠂ ᠰᠢᠯᠵᠢᠮᠡᠯ ᠬᠤᠯᠪᠣᠭᠠᠨ ᠤ ᠡᠭᠦᠯᠡᠨ ᠲᠠᠪᠴᠠᠩ DeepSeek ᠢ ᠪᠦᠭᠦ ᠲᠠᠯ᠎ᠠ ᠪᠠᠷ ᠰᠦᠯᠵᠢᠶᠡᠨ ᠳᠤ | ᠣᠷᠣᠭᠤᠯᠵᠤ᠂ ᠪᠦᠭᠦ ᠬᠡᠪ ᠲᠡᠭᠡᠨ ᠠᠰᠢᠭᠯᠠᠬᠤ᠂ ᠪᠦᠭᠦ ᠬᠡᠮᠵᠢᠶᠡᠨ ᠳᠤ ᠵᠣᠬᠢᠴᠠᠭᠤᠯᠬᠤ᠂ ᠪᠦᠭᠦ ᠴᠢᠳᠠᠮᠵᠢ ᠶᠢ ᠰᠠᠭᠠᠳ ᠦᠭᠡᠢ ᠬᠡᠷᠡᠭᠯᠡᠬᠦ ᠪᠤᠯᠭᠠᠵᠠᠢ; ᠪᠢᠩ | ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠶᠤᠨᠴᠢ ᠡᠭᠦᠯᠡᠨ ᠪᠣᠳᠣᠯᠲᠠ ᠶᠢᠨ ᠲᠠᠪᠴᠠᠩ ᠴᠤ DeepSeek ᠵᠠᠭᠪᠤᠷ ᠤᠨ | ᠪᠠᠶᠢᠷᠢᠰᠢᠭᠤᠯᠤᠯᠲᠠ ᠶᠢ ᠲᠦᠷᠭᠡᠨ ᠪᠡᠶᠡᠯᠡᠭᠦᠯᠪᠡ︔ ᠳ᠋ᠦᠩ ᠹᠠᠩ ᠤᠯᠤᠰ ᠤᠨ ᠢᠲᠡᠭᠡᠮᠵᠢ ᠶᠢᠨ ᠵᠥᠪᠯᠡᠭᠴᠢ ᠣᠶᠤᠨᠴᠢ ᠳ᠋ᠠᠶᠢᠲ᠋ᠠ᠂ ᠲᠣᠮᠣ ᠵᠠᠭᠪᠤᠷ ᠤᠨ | ᠪᠣᠯᠪᠠᠰᠤᠷᠠᠭᠤᠯᠤᠨ ᠳᠡᠯᠭᠡᠷᠡᠭᠦᠯᠬᠦ ᠲᠠᠪᠴᠠᠩ ᠵᠡᠷᠭᠡ ᠪᠦᠲᠦᠭᠡᠭᠳᠡᠬᠦᠨ ᠨᠢ DeepSeek-R1 ᠰᠢᠷᠢᠰ ᠲᠣᠮᠣ ᠵᠠᠭᠪᠤᠷ ᠢ ᠭᠦᠨᠵᠡᠭᠡᠢ ᠴᠤᠭᠯᠠᠷᠠᠭᠤᠯᠬᠤ ᠶᠢ | ᠪᠡᠶᠡᠯᠡᠭᠦᠯᠪᠡ᠃ ᠡᠨᠡ ᠨᠢ ᠭᠦᠭᠡᠬᠤᠲᠠ ᠶᠢᠨ ᠬᠤᠷᠢᠨᠭᠡᠷ ᠰᠢᠨ᠎ᠡ ᠲᠣᠭᠤᠷᠢᠭ ᠤᠨ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ᠂ ᠪᠢᠩ ᠰᠢᠩ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠶᠤᠨᠴᠢ ᠡᠭᠦᠯᠡᠨ ᠪᠣᠳᠣᠯᠲᠠ ᠶᠢᠨ ᠲᠠᠪᠴᠠᠩ᠂ ᠳ᠋ᠦᠩ ᠹᠠᠩ ᠤᠯᠤᠰ ᠤᠨ ᠢᠲᠡᠭᠡᠮᠵᠢ ᠶᠢᠨ ᠣᠶᠤᠨᠴᠢ ᠪᠣᠳᠣᠯᠲᠠ ᠶᠢᠨ | ᠲᠥᠪ ᠨᠢ DeepSeek ᠲᠤ ᠰᠢᠯᠢᠳᠡᠭ ᠪᠣᠳᠣᠯᠲᠠ ᠶᠢᠨ ᠦᠢᠯᠡᠴᠢᠯᠡᠭᠡ ᠬᠠᠩᠭᠠᠬᠤ ᠪᠣᠯᠪᠠᠰᠤᠷᠠᠩᠭᠤᠢ ᠨᠥᠬᠦᠴᠡᠯ ᠢ ᠪᠦᠷᠢᠯᠳᠦᠭᠦᠯᠦᠭᠰᠡᠨ ᠢ ᠬᠠᠷᠠᠭᠤᠯᠵᠤ | ᠪᠠᠶᠢᠨ᠎ᠠ᠃ | | | | | | DeepSeek ᠨᠡᠶᠢᠲᠡᠯᠡᠭᠳᠡᠭᠰᠡᠨ ᠠᠴᠠ ᠨᠠᠭᠠᠰᠢ᠂ ᠭᠠᠷᠮᠠᠭᠠᠢ ᠴᠢᠳᠠᠮᠵᠢ ᠶᠢᠨ ᠢᠯᠡᠷᠡᠯ ᠪᠠ ᠳᠣᠣᠷ᠎ᠠ ᠥᠪᠡᠷ ᠤᠨ ᠦᠷᠳᠡᠭ ᠪᠦᠬᠦᠢ | ᠪᠣᠯᠪᠠᠰᠤᠷᠠᠭᠤᠯᠤᠯ ᠤᠨ ᠬᠡᠪ ᠵᠠᠭᠪᠤᠷ ᠢᠶᠠᠷ ᠢᠶᠠᠨ ᠵᠣᠬᠢᠶᠠᠮᠠᠯ ᠤᠶᠤᠨ ᠴᠢᠳᠠᠪᠤᠷᠢ ᠶᠢᠨ ᠬᠦᠷᠢᠶᠡᠨ ᠳᠤ ᠪᠦᠭᠦ ᠪᠥᠮᠪᠥᠷᠴᠡᠭ ᠤᠨ ᠠᠩᠬᠠᠷᠤᠯ ᠢ ᠲᠠᠲᠠᠵᠤ᠂ ᠲᠣᠮᠣ | ᠵᠠᠭᠪᠤᠷ ᠢ ᠬᠤᠪᠢᠨ ᠳᠠᠭᠠᠨ ᠪᠠᠶᠢᠷᠢᠰᠢᠭᠤᠯᠬᠤ ᠳᠤᠮᠳᠠᠬᠢ ᠪᠣᠳᠣᠯᠲᠠ ᠶᠢᠨ ᠬᠦᠴᠢᠷᠳᠡᠯ ᠠᠰᠠᠭᠤᠳᠠᠯ ᠢ ᠪᠦᠲᠦᠭᠡᠯᠴᠢ ᠪᠠᠷ ᠰᠢᠢᠳᠪᠦᠷᠢᠯᠡᠭᠰᠡᠨ ᠪᠠᠶᠢᠨ᠎ᠠ᠃ | DeepSeek ᠤᠨ ᠪᠦᠭᠦ ᠬᠡᠮᠵᠢᠶᠡᠨ ᠤ ᠵᠠᠭᠪᠤᠷ ᠢ ᠭᠦᠭᠡᠬᠤᠲᠠ ᠶᠢᠨ ᠬᠤᠷᠢᠨᠭᠡᠷ ᠰᠢᠨ᠎ᠡ ᠲᠣᠭᠤᠷᠢᠭ ᠤᠨ 3 ᠣᠶᠤᠨᠴᠢ ᠪᠣᠳᠣᠯᠲᠠ ᠶᠢᠨ ᠲᠥᠪ ᠲᠤ | ᠪᠠᠶᠢᠷᠢᠰᠢᠭᠤᠯᠤᠭᠰᠠᠨ ᠨᠢ᠂ ᠬᠤᠷᠢᠨᠭᠡᠷ ᠰᠢᠨ᠎ᠡ ᠲᠣᠭᠤᠷᠢᠭ ᠤᠨ ᠣᠶᠤᠨᠴᠢ ᠪᠣᠳᠣᠯᠲᠠ ᠶᠢᠨ ᠲᠥᠪ ᠤᠨ ᠠᠵᠤ ᠠᠬᠤᠶᠢᠯᠠᠯ ᠤᠨ ᠮᠡᠷᠭᠡᠵᠢᠯ ᠤᠨ ᠪᠣᠳᠠᠲᠤ ᠬᠦᠴᠦᠨ | ᠬᠢᠭᠡᠳ ᠠᠵᠢᠯ ᠲᠥᠷᠥᠯ ᠤᠨ ᠨᠥᠯᠥᠭᠡᠯᠡᠬᠦ ᠬᠦᠴᠦᠨ ᠢ ᠢᠯᠡᠷᠡᠭᠦᠯᠵᠦ᠂ ᠬᠤᠷᠢᠨᠭᠡᠷ ᠰᠢᠨ᠎ᠡ ᠲᠣᠭᠤᠷᠢᠭ ᠤᠨ ︽ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ | ᠣᠷᠣᠨ ᠳᠤ ᠪᠤᠳᠤᠬᠤ︾ ᠪᠠᠶᠢᠯᠳᠤᠬᠤ ᠪᠣᠳᠣᠯᠭ᠎ᠠ ᠳᠠᠬᠢ ᠪᠠᠷᠠᠯᠠᠯ ᠤᠨ ᠴᠢᠨᠠᠷᠲᠠᠢ ᠪᠠᠶᠢᠷᠢᠯᠠᠭᠤᠯᠤᠯᠲᠠ ᠶᠢ ᠨᠠᠩ ᠳᠤᠪᠤᠶᠢᠯᠭᠠᠪᠠ᠃ | | | | | | ᠣᠶᠢᠷ᠎ᠠ ᠶᠢᠨ ᠵᠢᠯ ᠠᠴᠠ ᠬᠤᠷᠢᠨᠭᠡᠷ ᠰᠢᠨ᠎ᠡ ᠲᠣᠭᠤᠷᠢᠭ ᠤᠯᠤᠰ ᠠᠴᠠ ᠬᠡᠷᠡᠭᠵᠢᠭᠦᠯᠵᠦ ᠪᠦᠬᠦᠢ ︽ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ | ᠪᠤᠳᠤᠬᠤ︾ ᠢᠨᠵᠧᠨᠧᠷᠢᠩ ᠢ ᠴᠢᠩᠭ᠎ᠠ ᠠᠳᠬᠤᠵᠤ᠂ ᠪᠦᠭᠦ ᠤᠯᠤᠰ ᠤᠨ ᠨᠢᠭᠡ ᠴᠣᠭᠴᠠᠵᠢᠭᠰᠠᠨ ᠪᠣᠳᠣᠯᠭ᠎ᠠ ᠶᠢᠨ ᠲᠣᠣᠷ ᠢ ᠪᠠᠶᠢᠭᠤᠯᠬᠤ ᠠᠰᠢᠭᠲᠠᠢ ᠠᠵᠠ | ᠲᠣᠭᠢᠶᠠᠯ ᠢ ᠠᠮᠵᠢᠵᠤ᠂ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠨᠢ | ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ ᠪᠤᠯᠲᠠᠯ᠎ᠠ᠂ ᠰᠢᠯᠵᠢᠮᠡᠯ ᠬᠤᠯᠪᠤᠭ᠎ᠠ᠂ ᠴᠠᠭᠢᠯᠭᠠᠨ ᠬᠤᠯᠪᠤᠭ᠎ᠠ᠂ ᠨᠢᠭᠡᠳᠦᠮᠡᠯ ᠬᠤᠯᠪᠤᠭ᠎ᠠ ᠵᠡᠷᠭᠡ ᠭᠤᠷᠪᠠᠨ ᠶᠡᠭᠡ | ᠡᠵᠡᠩᠨᠡᠯᠲᠡ ᠶᠢᠨ ᠬᠤᠳᠠᠯᠳᠤᠭᠠᠴᠢᠨ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠬᠤᠸᠠ ᠸᠧᠢ᠂ ᠴᠤᠤᠷᠢᠶ᠎ᠠ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ ᠪᠣᠳᠣᠯᠲᠠ ᠶᠢᠨ ᠬᠦᠴᠦᠨ ᠢ ᠪᠠᠭᠲᠠᠭᠠᠭᠰᠠᠨ 39 | ᠪᠣᠳᠣᠯᠲᠠ ᠶᠢᠨ ᠬᠦᠴᠦᠨ ᠤ ᠲᠥᠷᠥᠯ ᠵᠦᠢᠯ ᠢ ᠲᠥᠪᠯᠡᠷᠡᠭᠦᠯᠵᠦ᠂ ᠬᠡᠷᠡᠭᠯᠡᠭᠡᠨ ᠳᠤ ᠣᠷᠣᠭᠤᠯᠤᠭᠰᠠᠨ ᠪᠣᠳᠣᠯᠲᠠ ᠶᠢᠨ ᠬᠦᠴᠦᠨ ᠤ ᠶᠡᠷᠦᠩᠬᠡᠢ ᠬᠡᠮᠵᠢᠶ᠎ᠡ ᠨᠢ 5. | 06 ᠲᠦᠮᠡ P ᠳᠤ ᠬᠦᠷᠴᠦ᠂ ᠪᠦᠭᠦ ᠤᠯᠤᠰ ᠤᠨ 8 ᠶᠡᠭᠡ ᠬᠦᠢᠰᠦ᠂ 10 ᠶᠡᠭᠡ ᠰᠦᠷᠦᠭᠵᠢᠯ ᠤᠨ 21 ᠲᠣᠭᠤᠷᠢᠭ ᠤᠨ ᠳᠣᠲᠣᠷ᠎ᠠ ᠡᠮᠦᠨ᠎ᠡ ᠡᠩᠨᠡᠭᠡᠨ ᠳᠤ | ᠵᠢᠭᠰᠠᠭᠠᠭᠳᠠᠪᠠ᠃ ᠰᠢᠯᠵᠢᠮᠡᠯ ᠬᠤᠯᠪᠤᠭ᠎ᠠ ᠶᠢᠨ ᠵᠢᠦ ᠲᠢᠶᠠᠨ᠂ ᠴᠠᠭᠢᠯᠭᠠᠨ ᠬᠤᠯᠪᠣᠭᠠᠨ ᠤ ᠰᠢᠩ ᠴᠧᠨ᠂ ᠨᠢᠭᠡᠳᠦᠮᠡᠯ ᠬᠤᠯᠪᠤᠭ᠎ᠠ ᠶᠢᠨ ᠶᠤᠸᠠᠨ ᠵᠢᠩ᠂ ᠰᠢᠶᠦ᠋ᠨ | ᠹᠧᠢ ᠰᠢᠩ ᠾᠥᠸᠧ᠂ ᡁᠢ ᠫᠦ᠋ ᠴᠢᠩ ᠶᠠᠨ ᠵᠡᠷᠭᠡ 11 ᠨᠡᠶᠢᠳᠡᠮ ᠤᠨ ᠬᠡᠷᠡᠭᠯᠡᠭᠡᠨ ᠤ ᠲᠣᠮᠣ ᠵᠠᠭᠪᠤᠷ ᠢ ᠪᠣᠳᠠᠲᠠᠢ ᠳᠤ ᠨᠠᠶᠢᠳᠠᠪᠤᠷᠢᠵᠢᠭᠤᠯᠬᠤ | ᠪᠣᠯᠪᠠᠰᠤᠷᠠᠭᠤᠯᠤᠯ ᠢ ᠪᠡᠶᠡᠯᠡᠭᠦᠯᠵᠦ᠂ ᠪᠣᠯᠪᠠᠰᠤᠷᠠᠭᠤᠯᠤᠯ ᠤᠨ ᠶᠡᠷᠦᠩᠬᠡᠢ ᠫᠠᠷᠠᠮᠧᠲᠷ ᠲᠦᠮᠡᠨ ᠳ᠋ᠦᠩᠰᠢᠭᠤᠷ ᠢ ᠳᠠᠪᠠᠵᠤ᠂ ᠨᠢᠭᠡᠨᠲᠡ ᠤᠯᠤᠰ ᠤᠨ ᠪᠣᠳᠣᠯᠲᠠ ᠶᠢᠨ | ᠪᠠᠲᠤᠯᠠᠭ᠎ᠠ ᠶᠢᠨ ᠴᠢᠬᠤᠯᠠ ᠰᠠᠭᠤᠷᠢᠨ ᠪᠣᠯᠤᠭᠰᠠᠨ ᠪᠠᠶᠢᠨ᠎ᠠ᠃ | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ | | | |