︵ᠰᠤᠷᠪᠤᠯᠵᠢᠯᠠᠭᠴᠢ ᠰᠦᠩ ᠰᠢᠶᠠᠩ ᠬᠤᠸᠠ︶ ᠵᠥᠭᠡᠯᠡᠨ ᠲᠣᠨᠤᠭ ᠤᠨ ᠦᠢᠯᠡᠴᠢᠯᠡᠭᠡᠨ ᠤ ᠦᠢᠯᠡᠰ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠵᠥᠭᠡᠯᠡᠨ ᠲᠣᠨᠤᠭ ᠤᠨ ᠠᠵᠤ ᠠᠬᠤᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ | ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠡᠷᠢᠭᠦᠨ ᠬᠡᠪᠯᠡᠯ ᠪᠠ ᠠᠵᠤ | ᠦᠢᠯᠡᠳᠪᠦᠷᠢ ᠶᠢᠨ ᠵᠥᠭᠡᠯᠡᠨ ᠲᠣᠨᠤᠭ ᠢ ᠰᠤᠳᠤᠯᠤᠨ ᠨᠡᠭᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠤᠨ᠂ ᠲᠤᠭᠤᠰᠢᠯᠠᠭᠤᠯᠤᠨ | ᠨᠠᠢᠳᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠲᠡᠷᠢᠭᠦᠨ ᠤ ᠮᠡᠷᠭᠡᠵᠢᠯ ᠪᠦᠬᠦᠢ᠂ ᠵᠠᠬ᠎ᠠ | ᠳᠡᠯᠭᠡᠭᠦᠷ ᠤᠨ ᠢᠷᠡᠭᠡᠳᠦᠢ ᠰᠠᠶᠢᠨ ᠵᠥᠭᠡᠯᠡᠨ ᠲᠣᠨᠤᠭ ᠤᠨ ᠦᠢᠯᠡᠳᠬᠦᠨ ᠢ ᠦᠷᠭᠦᠯᠵᠢᠯᠡᠨ ᠠᠭᠤᠳᠠᠯᠬᠤ ᠪᠠ ᠪᠦᠵᠢᠭᠤᠯᠵᠤ᠂ ᠠᠵᠤ ᠠᠬᠤᠢᠯᠠᠯ ᠢ | ᠢᠳᠡᠪᠬᠢᠲᠡᠢ ᠪᠠᠷ ᠵᠣᠬᠢᠶᠠᠨ ᠪᠠᠢᠭᠤᠯᠵᠤ ᠲᠡᠷᠢᠭᠦᠨ ᠬᠡᠪᠯᠡᠯ ᠤᠨ ᠵᠥᠭᠡᠯᠡᠨ ᠲᠣᠨᠤᠭ ᠢ ᠭᠤᠶᠤᠴᠢᠯᠠᠨ ᠮᠡᠳᠡᠭᠦᠯᠪᠡ᠃ ᠤᠶᠢᠷ᠎ᠠ ᠳᠤ᠂ ᠬᠥᠬᠡᠬᠤᠲᠠ ᠳᠤ ᠥᠪᠡᠷᠲᠡᠭᠡᠨ | ᠵᠠᠰᠠᠬᠤ ᠣᠷᠣᠨ ᠤ ᠲᠡᠷᠢᠭᠦᠨ ᠬᠡᠪᠯᠡᠯ ᠤᠨ ᠵᠥᠭᠡᠯᠡᠨ ᠲᠣᠨᠤᠭ ᠰᠢᠨ᠎ᠡ ᠪᠠᠷ 16 ᠨᠡᠮᠡᠭᠳᠡᠵᠦ᠂ ᠲᠤᠰ ᠤᠳᠠᠭ᠎ᠠ ᠶᠢᠨ ᠦᠨᠡᠯᠡᠭᠳᠡᠭᠰᠡᠨ ᠲᠡᠷᠢᠭᠦᠨ ᠬᠡᠪᠯᠡᠯ ᠤᠨ | ᠵᠥᠭᠡᠯᠡᠨ ᠲᠣᠨᠤᠭ ᠤᠨ ᠲᠥᠷᠥᠯ ᠵᠦᠢᠯ ᠤᠨ 64% ᠶᠢ ᠡᠵᠡᠯᠡᠵᠦ᠂ ᠪᠦᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠥᠭᠡᠯᠡᠨ ᠲᠣᠨᠤᠭ ᠪᠠ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠤᠯᠠᠮ ᠨᠢᠭᠡ ᠠᠯᠬᠤᠮ ᠯᠠᠪᠳᠠᠭᠤᠨ ᠪᠠᠲᠤᠲᠠᠶ | ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠲᠣᠳᠣᠷᠬᠠᠶ᠂ ᠲᠡᠷᠢᠭᠦᠨ ᠤ ᠮᠡᠷᠭᠡᠵᠢᠯ ᠤᠨ ᠬᠢᠷᠢ ᠬᠡᠮᠵᠢᠶ᠎ᠡ ᠲᠠᠢ᠂ ᠴᠢᠳᠠᠮᠵᠢ ᠶᠠᠰᠤ | ᠴᠢᠨᠠᠷ ᠨᠢ ᠨᠠᠶᠢᠳᠠᠪᠤᠷᠢᠲᠠᠶ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠵᠤ᠂ ᠠᠵᠤ | ᠦᠢᠯᠡᠰ ᠤᠨ ᠬᠥᠭᠵᠢᠯᠲᠡ ᠶᠢᠨ ᠠᠮᠢ ᠠᠬᠤᠶ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠥᠭᠡᠯᠡᠨ ᠲᠣᠨᠤᠭ ᠤᠨ | ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠵᠣᠷᠢᠭᠵᠢᠭᠤᠯᠵᠤ᠂ ᠰᠢᠯᠢᠳᠡᠭ ᠤᠨᠴᠠᠯᠢᠭᠳᠤ ᠵᠥᠭᠡᠯᠡᠨ ᠲᠣᠨᠤᠭ ᠤᠨ | ᠦᠢᠯᠡᠳᠬᠦᠨ ᠢ ᠪᠤᠶᠢᠵᠢᠭᠤᠯᠵᠤ᠂ ᠪᠥᠬᠦ ᠬᠤᠲᠠ ᠶᠢᠨ ᠵᠥᠭᠡᠯᠡᠨ ᠲᠣᠨᠤᠭ ᠤᠨ ᠦᠢᠯᠡᠳᠬᠦᠨ ᠤ ᠬᠠᠩᠭᠠᠯᠭ᠎ᠠ ᠶᠢᠨ ᠴᠢᠳᠠᠪᠤᠷᠢ ᠪᠠ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠵᠥᠭᠡᠯᠡᠨ ᠲᠣᠨᠤᠭ ᠤᠨ ᠦᠢᠯᠡᠳᠬᠦᠨ ᠤ ᠡᠨᠧᠷᠭᠢ ᠣᠯᠭᠤᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ | ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ |