︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠦᠶ᠎ᠡ ᠶᠢᠨ ᠴᠢᠬᠤᠯᠠ ᠶᠠᠷᠢᠶ᠎ᠠ᠂ ᠰᠧᠴᠤᠸᠠᠨ ᠤ ᠢ ᠪᠢᠨ ᠬᠤᠳᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠨ | ᠤᠭᠲᠤᠬᠤ ᠳᠠᠶᠢᠯᠠᠯᠭ᠎ᠠ ᠳᠡᠭᠡᠷᠡᠬᠢ ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠵᠤ᠂ ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠤᠨ ᠲᠤᠯᠭᠠᠭᠤᠷᠢᠯᠠᠯ ᠢ ᠢᠮᠠᠭᠲᠠ ᠴᠢᠩᠭᠠᠳᠬᠠᠵᠤ᠂ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠤᠨ ᠪᠠᠶᠢᠷᠢᠰᠢᠭᠤᠯᠤᠯᠲᠠ ᠶᠢ ᠴᠢᠩᠭ᠎ᠠ ᠠᠩᠬᠠᠷᠴᠤ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠡᠷᠡᠰ ᠪᠠᠲᠤ ᠰᠠᠬᠢᠵᠤ᠂ ᠲᠣᠭᠠᠴᠢᠯᠠᠭᠰᠠᠨ ᠠᠵᠤ ᠠᠬᠤᠢ᠂ | ᠠᠩᠬᠠᠳᠤᠭᠠᠷ ᠠᠵᠤ ᠠᠬᠤᠢ᠂ ᠮᠥᠰᠥ ᠴᠠᠰᠤᠨ ᠤ ᠠᠵᠤ ᠠᠬᠤᠢ᠂ ᠪᠤᠭᠤᠷᠤᠯᠴᠤᠳ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ | ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠲᠦᠷᠭᠡᠨ ᠠᠬᠢᠭᠤᠯᠵᠤ᠂ ᠣᠷᠣᠨ ᠤ ᠲᠥᠪ ᠬᠤᠲᠠ ᠶᠢᠨ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠶᠢ | ᠡᠭᠦᠳᠬᠦ ᠠᠮᠢ ᠠᠬᠤᠢ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠥᠨᠳᠥᠷ ᠡᠨᠧᠷᠭᠢ ᠶᠢᠨ ᠳᠡᠰ ᠤᠨ ᠰᠢᠨ᠎ᠡ ᠶᠢ ᠡᠭᠦᠳᠬᠦ ᠡᠯᠧᠮᠧᠨ᠋ᠲ ᠢ ᠦᠷᠭᠦᠯᠵᠢᠯᠡᠨ ᠲᠥᠪᠯᠡᠷᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠢ | ᠰᠤᠳᠤᠯᠤᠨ ᠨᠡᠭᠡᠭᠡᠵᠦ ᠬᠡᠷᠡᠭᠯᠡᠬᠦ ᠪᠠᠷ ᠣᠷᠣᠨ ᠤ ᠲᠥᠪ ᠬᠤᠲᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠤ ᠦᠢᠯᠡᠰ ᠤᠨ ᠥᠷᠨᠢᠩᠭᠦᠢ ᠬᠥᠭᠵᠢᠯᠲᠡ ᠳᠤ ᠬᠦᠴᠦᠨ | ᠨᠡᠮᠡᠷᠢᠯᠡᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠤᠯᠠᠷᠢᠭᠤᠯᠵᠤ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ | ᠪᠦᠰᠡ︾ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠣᠰᠣᠭᠠᠷ᠂ ᠪᠦᠬᠦ ᠵᠢᠯ ᠤᠨ ᠰᠣᠶᠣᠯ ᠵᠢᠭᠤᠯᠴᠢᠯᠠᠯ ᠤᠨ ᠪᠠᠶᠠᠷ ᠤᠨ ᠠᠵᠢᠯᠯᠠᠭ᠎ᠠ ᠶᠢ ᠰᠠᠶᠢᠲᠤᠷ ᠲᠥᠯᠥᠪᠵᠢᠭᠦᠯᠵᠦ᠂ ᠳᠠᠯᠠᠨ | ᠬᠠᠷ᠎ᠠ ᠠᠭᠤᠯᠠ ᠶᠢᠨ ᠠᠮᠢ ᠠᠬᠤᠢ ᠶᠢᠨ ᠵᠤᠭᠠᠴᠠᠯ ᠢ ᠡᠮᠬᠢ ᠵᠢᠷᠤᠮ ᠲᠠᠢ ᠨᠡᠭᠡᠭᠡᠵᠦ᠂ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ | ᠰᠢᠨᠵᠢᠯᠡᠭᠡᠨ ᠤ ᠴᠡᠴᠡᠷᠯᠢᠭ᠂ ᠳᠡᠯᠡᠬᠡᠢ ᠶᠢᠨ ᠪᠠᠶᠢᠭᠠᠯᠢ ᠶᠢᠨ ᠥᠪ ᠢᠶᠠᠷ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠲᠦᠷᠭᠡᠨ ᠡᠬᠢᠯᠡᠭᠦᠯᠵᠦ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠭᠦᠨᠵᠡᠭᠡᠢ ᠠᠭᠤᠳᠠᠯᠵᠤ᠂ ᠰᠣᠶᠣᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠢ ᠲᠤᠯᠭᠠᠭᠤᠷᠢ ᠠᠵᠤ ᠦᠢᠯᠡᠰ ᠪᠤᠯᠭᠠᠨ ᠬᠦᠮᠦᠵᠢᠭᠦᠯᠬᠦ ᠪᠠᠷ ᠴᠢᠷᠮᠠᠶᠢᠬᠤ ᠬᠡᠷᠡᠭᠲᠡᠢ᠃ ᠣᠷᠣᠨ ᠤ ᠲᠥᠪ ᠤᠨ ᠬᠤᠲᠠ ᠶᠢᠨ ᠴᠠᠭᠠᠷᠢᠭ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠰ ᠪᠡᠶ᠎ᠡ ᠶᠢᠨ ᠪᠠᠭᠲᠠᠭᠠᠮᠵᠢ ᠪᠠᠨ ᠪᠤᠵᠠᠭᠠᠶᠢᠷᠠᠭᠤᠯᠬᠤ ᠶᠢᠨ ᠬᠠᠮᠲᠤ᠂ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠨ | ᠨᠡᠮᠡᠭᠳᠡᠬᠦ ᠶᠢ ᠠᠬᠢᠭᠤᠯᠵᠤ᠂ ᠣᠷᠣᠨ ᠤ ᠲᠥᠪ ᠤᠨ ᠬᠤᠲᠠ ᠶᠢᠨ ᠴᠠᠭᠠᠷᠢᠭ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠲᠥᠯᠥᠪᠵᠢᠭᠦᠯᠦᠨ ᠠᠬᠢᠭᠤᠯᠬᠤ ᠬᠡᠷᠡᠭᠲᠡᠶ᠃ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠭᠠᠮᠰᠢᠭ ᠢ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠡᠮ | ᠰᠣᠭᠤᠭ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ︽ᠲᠦᠷᠪᠡ ᠶᠢ ᠰᠤᠷᠤᠯᠴᠠᠬᠤ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠦᠨᠵᠡᠭᠡᠶᠢᠷᠡᠭᠦᠯᠵᠦ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠬᠦ ᠴᠢᠨᠠᠷ ᠰᠠᠶᠢᠲᠠᠢ ᠵᠣᠬᠢᠶᠠᠨ ᠪᠠᠶᠢᠭᠤᠯᠬᠤ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ ᠭᠡᠬᠦ ᠦᠵᠡᠯᠲᠡ ᠶᠢ ᠪᠠᠲᠤᠵᠢᠭᠤᠯᠵᠤ᠂ | ᠭᠦᠨ ᠳᠠᠪᠬᠤᠷᠭ᠎ᠠ ᠶᠢᠨ ᠵᠥᠷᠢᠴᠡᠯ ᠢ ᠵᠣᠷᠢᠭ ᠰᠢᠭᠤᠳᠤᠨ ᠰᠢᠢᠳᠪᠦᠷᠢᠯᠡᠵᠦ᠂ ᠴᠢᠷᠮᠠᠶᠢᠯᠲᠠ ᠲᠠᠢ ᠵᠠᠰᠠᠭ ᠤᠨ ᠣᠷᠳᠣᠨ ᠪᠣᠯᠤᠨ ᠪᠦᠲᠦᠮᠵᠢᠲᠡᠢ ᠵᠠᠬ᠎ᠠ ᠳᠡᠯᠭᠡᠭᠦᠷ ᠤᠨ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠲᠠ ᠶᠢᠨ ᠪᠣᠬᠢᠷᠳᠤᠯ ᠦᠭᠡᠢ ᠪᠤᠳᠤᠯᠭ᠎ᠠ ᠶᠢᠨ ᠬᠦᠴᠦᠨ ᠪᠣᠯᠣᠨ ᠬᠢᠮᠡᠯ ᠤᠶᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠰᠢᠨ᠎ᠡ ᠨᠢᠭᠡ ᠡᠭᠡᠯᠵᠢ ᠶᠢᠨ | ᠬᠢᠮᠡᠯ ᠤᠶᠤᠨ ᠤ ᠬᠥᠭᠵᠢᠯᠲᠡ ᠶᠢᠨ ᠬᠠᠨᠳᠤᠰᠢ ᠶᠢ ᠴᠢᠩᠭ᠎ᠠ ᠳᠠᠭᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠣᠷᠣᠨ ᠤ ᠲᠥᠪ ᠬᠤᠲᠠ ᠶᠢᠨ | ᠲᠥᠷᠥ ᠶᠢᠨ ᠪᠣᠳᠣᠯᠭ᠎ᠠ᠂ ᠠᠵᠤ ᠦᠢᠯᠡᠰ᠂ ᠨᠤᠭᠤᠭᠠᠨ ᠴᠠᠬᠢᠯᠭᠠᠨ᠂ ᠵᠠᠮ ᠱᠤᠭᠤᠮ᠂ ᠠᠭᠤᠷ ᠠᠮᠢᠰᠬᠤᠯ ᠵᠡᠷᠭᠡ ᠳᠠᠪᠠᠭᠤᠯᠢᠭ ᠢ ᠪᠠᠳᠠᠷᠠᠭᠤᠯᠵᠤ᠂ ᠪᠤᠳᠤᠯᠭ᠎ᠠ ᠶᠢᠨ ᠬᠦᠴᠦᠨ ᠤ | ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠰᠦᠯᠵᠢᠶᠡᠨ ᠤ ᠳᠠᠮᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠦᠭᠡᠢ | ᠤᠷᠲᠤᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠲᠣᠰ ᠲᠣᠰ ᠤᠨ ᠬᠦᠷᠢᠶ᠎ᠡ ᠴᠠᠷᠠᠭ᠎ᠠ ᠶᠢᠨ ᠢᠶᠠᠨ ᠲᠣᠭᠤᠷᠢᠨ ᠳᠤ᠂ ᠨᠠᠩ ᠣᠯᠠᠨ ᠬᠢᠮᠡᠯ ᠤᠶᠤᠨ ᠤ ᠮᠡᠷᠭᠡᠵᠢᠯ ᠤᠨ | ᠬᠡᠷᠡᠭᠯᠡᠭᠡᠨ ᠤ ᠠᠬᠤᠢ ᠪᠠᠶᠢᠳᠠᠯ ᠢ ᠰᠦᠪᠡᠭᠴᠢᠯᠡᠵᠦ᠂ ᠡᠷᠳᠡᠮᠲᠡᠨ ᠴᠢᠳᠠᠪᠤᠷᠢᠲᠠᠨ ᠢ ᠲᠠᠲᠠᠨ ᠠᠪᠴᠢᠷᠠᠵᠤ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ | ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ᠂ ᠠᠵᠤ ᠦᠢᠯᠡᠰ ᠤᠨ ᠲᠡᠰᠦᠷᠡᠬᠦ ᠬᠦᠴᠦ᠂ ᠠᠮᠢ ᠠᠬᠤᠢ ᠶᠢᠨ ᠪᠠᠭᠲᠠᠭᠠᠮᠵᠢᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠲᠠ ᠶᠢᠨ ᠬᠥᠮᠦᠨ ᠠᠮᠠ ᠶᠢᠨ ᠲᠥᠪᠯᠡᠷᠡᠯ ᠢ ᠠᠬᠢᠭᠤᠯᠵᠤ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠡᠶᠢᠯᠡᠮᠡᠯ ᠠᠮᠢᠳᠤ | ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ᠂ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ ᠪᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠰᠬᠠᠶ ᠳᠡᠭᠡᠭᠰᠢᠯᠡᠭᠦᠯᠬᠦ ᠠᠵᠢᠯ ᠤᠨ ᠲᠥᠰᠦᠯ ᠵᠢᠴᠢ ᠢᠳᠡᠭᠡᠨ ᠤ ᠠᠮᠤᠷ ᠲᠦᠪᠰᠢᠨ ᠤ | ᠵᠠᠰᠠᠯᠲᠠ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |