ᠾᠧ ᠬᠠᠢ ᠳ᠋ᠦᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠯᠢᠶᠠᠩ ᠵᠢᠩ ᠱᠦ︶ 2 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ | ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠺᠣᠮᠫᠠᠨᠢ ᠶᠢᠨ ᠳᠠᠩᠰᠠᠯᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ | ᠶᠢ ᠪᠢᠴᠢᠭ ᠢᠶᠠᠷ ᠰᠤᠷᠤᠯᠴᠠᠵᠤ᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠵᠤ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾ ︽ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠡᠰᠢ ᠰᠦᠷᠡᠯ ᠢ ᠶᠡᠷᠦᠩᠬᠡᠶᠢᠯᠡᠨ ᠰᠢᠢᠳᠪᠦᠷᠢᠯᠡᠬᠦ ᠪᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠲᠤᠬᠠᠶ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ︽︿ᠬᠥᠬᠡᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠢ ᠳᠡᠮᠵᠢᠬᠦ | ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ﹀ ᠶᠢ ᠳᠠᠷᠤᠮᠠᠯᠯᠠᠨ ᠶᠠᠪᠤᠭᠤᠯᠬᠤ ᠲᠤᠬᠠᠢ ᠨᠦᠬᠦᠪᠦᠷᠢ ᠮᠡᠳᠡᠭᠳᠡᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ | ᠪᠠᠲᠤᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠺᠣᠮᠫᠠᠨᠢ ᠶᠢᠨ ᠳᠠᠩᠰᠠᠯᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ | ᠶᠢ ᠨᠠᠷᠢᠨ ᠬᠢᠨᠠᠮᠠᠭᠠᠢ ᠰᠤᠷᠤᠯᠴᠠᠵᠤ᠂ ᠬᠡᠷᠡᠭᠵᠢᠭᠦᠯᠵᠦ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠺᠣᠮᠫᠠᠨᠢ ᠶᠢᠨ ᠳᠠᠩᠰᠠᠯᠠᠯᠲᠠ ᠬᠠᠮᠢᠶᠠᠷᠤᠯᠲᠠ ᠶᠢᠨ ᠠᠵᠢᠯ ᠤᠨ ᠵᠢᠷᠤᠮᠵᠢᠭᠰᠠᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠤᠯᠠᠨ ᠡᠵᠡᠩᠨᠡᠯᠲᠡ ᠶᠢᠨ | ᠭᠤᠣᠯ ᠴᠣᠭᠴᠠ ᠶᠢ ᠦᠨᠡᠨᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ | ᠰᠠᠶᠢᠨ ᠦᠢᠯᠡᠴᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠰᠤ ᠠᠷᠪᠢᠯᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠳᠠᠬᠢᠯᠲᠠ ᠤᠰᠤ ᠶᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠴᠡᠴᠡᠷᠯᠢᠭ ᠤᠨ ᠨᠣᠭᠤᠭᠠᠨ ᠭᠠᠵᠠᠷ᠂ ᠦᠵᠡᠮᠵᠢ ᠶᠢᠨ ᠭᠤᠤᠯ ᠮᠥᠷᠡᠨ ᠨᠠᠭᠤᠷ ᠴᠥᠭᠦᠷᠥᠮ᠂ ᠬᠤᠲᠠ ᠶᠢᠨ ᠶᠠᠪᠤᠳᠠᠯ ᠤᠨ ᠡᠯᠳᠡᠪ | ᠬᠡᠷᠡᠭᠯᠡᠯᠲᠡ᠂ ᠨᠢᠭᠡᠴᠢ ᠬᠤᠷᠢᠶᠠᠯᠠᠯ ᠳᠤ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠪᠠ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠵᠦᠭ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠨᠢᠭᠡᠳᠦᠯᠲᠡᠶ ᠲᠥᠯᠥᠪᠯᠡᠨ | ᠵᠣᠬᠢᠴᠠᠭᠤᠯᠵᠤ᠂ ᠲᠠᠷᠢᠶᠠᠴᠢᠳ ᠵᠢᠴᠢ ᠨᠡᠶᠢᠭᠡᠮ ᠤᠨ ᠬᠦᠴᠦᠨ ᠤ ᠡᠰᠢ ᠰᠦᠷᠡᠯ ᠢ ᠨᠡᠭᠡᠭᠡᠨ ᠠᠰᠢᠭᠯᠠᠬᠤ ᠶᠢ ᠬᠥᠲᠥᠯᠦᠨ ᠵᠢᠯᠣᠭᠤᠳᠴᠤ᠂ ᠵᠣᠷᠢᠭᠵᠢᠭᠤᠯᠤᠨ ᠳᠡᠮᠵᠢᠵᠦ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠨᠢᠭᠡᠨᠲᠡ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠢᠳᠡᠪᠬᠢᠲᠡᠢ ᠰᠠᠶᠢᠲᠤᠷ ᠠᠳᠬᠤᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠥᠬᠦᠪᠥᠷᠢ ᠪᠡᠯᠡ ᠮᠥᠩᠭᠦ ᠶᠢ ᠪᠡᠶᠡᠯᠡᠭᠦᠯᠬᠦ ᠵᠢᠴᠢ ᠬᠢᠨᠠᠨ ᠬᠠᠷᠭᠤᠭᠤᠯᠬᠤ | ᠠᠵᠢᠯ ᠢ ᠰᠠᠶᠢᠲᠤᠷ ᠬᠢᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠦᠢᠰᠦ ᠵᠠᠩᠭᠢᠯᠠᠭ᠎ᠠ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠣᠷᠣᠨ ᠪᠦᠰᠡ ᠶᠢᠨ ᠨᠡᠬᠡᠬᠡᠯᠳᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |